bc3bbe0b-f6d0-4ab9-8f94-05e8a392f668.png

7 ᠰᠠᠷ᠎ᠠ ᠶᠢᠨ 21 ᠤ ᠡᠳᠤᠷ ᠬᠢᠷᠢᠨ ᠮᠤᠵᠢ ᠶᠢᠨ ᠴᠡᠩ ᠪᠠᠢ ᠱᠠᠨ ᠳᠤ ᠶᠠᠪᠤᠬᠳᠠᠬᠰᠠᠨ ᠪᠥᠬᠦ ᠤᠯᠤᠰ ᠤᠨ ᠠᠯᠬᠤᠭ᠎ᠠ ᠤᠷᠤᠯᠳᠤᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠨ ᠤ ᠤᠷᠤᠨ ᠤ ᠲᠠᠮᠢᠷᠴᠢᠳ 3 ᠠᠯᠳᠠᠨ ᠮᠧᠳᠠᠯ᠂ 3 ᠮᠥᠡᠭᠭᠦᠨ ᠮᠧᠳᠠᠯ ᠪᠠ 1 ᠬᠥᠷᠡᠯ ᠮᠧᠳᠠᠯ ᠤᠯᠪᠠ᠃ 

ᠲᠤᠰ ᠤᠳᠠᠭ᠎ᠠ ᠶᠢᠨ ᠤᠷᠤᠯᠳᠤᠭᠠᠨ ᠳᠤ ᠮᠠᠨ ᠤ ᠤᠷᠤᠨ ᠤ 33 ᠲᠠᠮᠢᠷᠴᠢᠨ ᠡᠷᠡᠭᠳᠠᠢ ᠡᠮᠡᠭᠳᠠᠢ ᠶᠢᠨ 8 ᠠᠳᠠᠯᠢ ᠪᠤᠰᠤ ᠲᠡᠰ ᠤᠨ ᠤᠷᠤᠯᠳᠤᠭᠠᠨ ᠳᠤ ᠤᠷᠤᠯᠴᠠᠵᠠᠢ᠃ ᠬᠤᠷᠴᠠ ᠰᠢᠷᠤᠬᠦᠨ ᠦᠷᠢᠰᠦᠯᠳᠦᠬᠡᠨ ᠢᠶᠠᠷ ᠲᠠᠮᠵᠢᠨ ᠮᠠᠨ ᠤ ᠤᠷᠤᠨ ᠤ ᠲᠠᠮᠢᠷᠴᠢᠨ ᠰᠢᠤᠢ ᠬᠤᠤ 1 ᠴᠠᠬ 25 ᠮᠢᠨᠦ᠋ᠲ 31 ᠰᠧᠺᠦ᠋ᠨ᠋ᠳ᠋ ᠤᠨ ᠬᠢᠷᠢ ᠪᠥᠳᠤᠮᠵᠢ ᠪᠠᠷ ᠡᠷᠡᠭᠳᠠᠢ ᠶᠢᠨ ᠨᠠᠰᠤᠨ ᠳᠤ ᠬᠥᠷᠥᠭᠰᠡᠳ ᠤᠨ 20 ᠺᠢᠯᠥᠮᠧᠳ᠋ᠷ ᠤᠨ ᠤᠷᠤᠯᠳᠤᠭᠠᠨ ᠳᠤ ᠲᠥᠷᠥᠬᠦᠯᠡᠵᠥ᠂ ᠲᠠᠮᠢᠷᠴᠢᠨ ᠵᠠᠩ ᠬᠤᠨᠭ᠌ ᠯᠢᠶᠠᠩ᠂ ᠰᠢᠤᠢ ᠬᠤᠤ᠂ ᠵᠢᠤᠢ ᠶᠠᠨ ᠱᠤᠸᠠᠩ᠂ ᠮᠠ ᠬᠠᠢ ᠱᠸᠡᠭ᠂ ᠸᠠᠩ ᠰᠢᠨ 5 ᠴᠠᠬ 41 ᠮᠢᠨᠦ᠋ᠲ 08 ᠰᠧᠺᠦ᠋ᠨ᠋ᠳ᠋ ᠤᠨ ᠬᠢᠷᠢ ᠪᠥᠳᠤᠮᠵᠢ ᠪᠠᠷ ᠡᠷᠡᠭᠳᠠᠢ ᠶᠢᠨ ᠨᠠᠰᠤᠨ ᠳᠤ ᠬᠥᠷᠥᠭᠰᠡᠳ ᠤᠨ 20 ᠺᠢᠯᠥᠮᠧᠲᠷ ᠤᠨ ᠬᠠᠮᠳᠤ ᠨᠢᠬᠡᠴᠢ ᠶᠢᠨ ᠤᠷᠤᠯᠳᠤᠭᠠᠨ ᠳᠤ ᠲᠥᠷᠥᠬᠦᠯᠡᠵᠥ᠂ ᠲᠠᠮᠢᠷᠴᠢᠨ ᠵᠠᠩ ᠶᠤᠤ 2 ᠴᠠᠬ 12 ᠮᠢᠨᠦ᠋ᠲ 20 ᠰᠧᠺᠦ᠋ᠨ᠋ᠳ᠋ ᠤᠨ ᠬᠢᠷᠢ ᠪᠥᠳᠤᠮᠵᠢ ᠪᠠᠷ ᠡᠷᠡᠭᠳᠠᠢ ᠶᠢᠨ ᠵᠠᠯᠠᠭᠤᠴᠤᠳ ᠤᠨ 30  ᠺᠢᠯᠥᠮᠧᠲᠷ ᠤᠨ ᠤᠷᠤᠯᠳᠤᠭᠠᠨ ᠳᠤ ᠲᠥᠷᠥᠬᠦᠯᠡᠭᠰᠡᠨ ᠪᠠᠶᠢᠨ᠎ᠠ᠃( ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ