60b1OOOPIC6e.jpg

 ᠠᠮᠧᠷᠢᠺᠠ ᠪᠠ ᠢᠲ᠋ᠠᠯᠢ ᠶᠢᠨ ᠰᠢᠨᠵᠢᠯᠡᠬᠦ ᠤᠬᠠᠭᠠᠨᠳᠠᠳ ᠤᠨ《ᠡᠰ ᠤᠨ ᠠᠮᠢᠲᠤ ᠪᠤᠳᠠᠰ ᠤᠨ ᠰᠤᠳᠤᠯᠤᠯ ᠰᠡᠳᠬᠦᠯ》ᠳᠡᠭᠡᠷ᠎ᠠ ᠨᠡᠶᠢᠲᠡᠯᠡᠬᠦᠯᠦᠭᠰᠡᠨ ᠬᠠᠮᠳᠤᠷᠠᠭᠰᠠᠨ ᠰᠤᠳᠤᠯᠭᠠᠨ ᠤ ᠪᠦᠲᠦᠭᠡᠯ ᠳ᠋ᠦ᠂ ᠲᠦᠪᠡᠳ ᠬᠠᠰᠢ ᠡᠴᠡ ᠢᠯᠭᠠᠷᠠᠭᠤᠯᠤᠨ ᠠᠪᠤᠭᠰᠠᠨ ᠡᠳ᠋ ᠨᠢ ᠬᠤᠳᠤᠭᠤᠳᠤᠨ ᠦᠮᠡᠨ ᠤ ᠡᠰ ᠤᠨ ᠦᠰᠦᠯᠲᠠ ᠶᠢ ᠬᠤᠷᠢᠭᠯᠠᠬᠤ ᠶᠢᠨ ᠬᠠᠮᠲᠤ ᠲᠡᠬᠦᠨ ᠤ ᠬᠤᠤᠷᠲᠤ ᠴᠢᠨᠠᠷ ᠢ ᠬᠦᠴᠦᠨ ᠲᠠᠢ ᠬᠤᠷᠢᠭᠯᠠᠵᠤ᠂ ᠬᠤᠳᠤᠭᠤᠳᠤᠨ ᠦᠮᠡᠨ ᠤ ᠰᠡᠷᠭᠡᠶᠢᠯᠡᠯᠲᠠ ᠪᠠ ᠵᠠᠰᠠᠯᠭ᠎ᠠ ᠳᠤ ᠲᠤᠰᠠ ᠪᠤᠯᠳᠠᠭ ᠬᠡᠯ᠎ᠠ᠃

 ᠰᠤᠳᠤᠯᠭᠠᠳᠠᠳ ᠬᠤᠶᠠᠷ ᠵᠦᠢᠯ ᠤᠨ ᠲᠦᠪᠡᠳ ᠬᠠᠰᠢ ᠡᠴᠡ ᠢᠯᠭᠠᠷᠠᠭᠤᠯᠵᠤ ᠠᠪᠤᠭᠰᠠᠨ ᠡᠳ᠋ ᠤᠨ ᠬᠤᠳᠤᠭᠤᠳᠤᠨ ᠦᠮᠡᠨ ᠤ ᠡᠰ ᠲᠤ ᠦᠵᠡᠬᠦᠯᠬᠦ ᠥᠢᠯᠡᠳᠦᠯ ᠢ ᠬᠡᠮᠵᠢᠨ ᠪᠠᠶᠢᠴᠠᠭᠠᠵᠡᠢ᠃ ᠳᠡᠳᠡᠭᠡᠷ ᠢᠯᠭᠠᠷᠠᠭᠤᠯᠵᠤ ᠠᠪᠤᠭᠰᠠᠨ ᠡᠳ᠋ ᠪᠦᠷᠢ ᠨᠢ ᠬᠤᠳᠤᠭᠤᠳᠤᠨ ᠦᠮᠡᠨ ᠤ ᠡᠰ ᠤᠨ ᠦᠰᠦᠯᠲᠠ ᠶᠢ ᠴᠦᠮ ᠬᠤᠷᠢᠭᠯᠠᠵᠤ ᠲᠡᠶᠢᠯᠬᠦ ᠪᠡᠷ ᠪᠠᠷᠠᠬᠤ ᠦᠬᠡᠢ ᠦᠮᠡᠨ ᠤ ᠡᠰ ᠰᠢᠯᠵᠢᠬᠦ ᠶᠢ ᠬᠠᠷᠰᠢᠯᠠᠳᠠᠭ ᠪᠠᠶᠢᠪᠠ᠃

 ᠰᠤᠳᠤᠯᠭᠠᠳᠠᠳ ᠤᠨ ᠢᠯᠡᠷᠡᠭᠦᠯᠦᠭᠰᠡᠨ ᠢᠶᠡᠷ᠂ ᠲᠦᠪᠡᠳ ᠬᠠᠰᠢ ᠶᠢᠨ ᠬᠠᠪᠤᠳᠠᠷ ᠢ ᠬᠤᠷᠢᠭᠯᠠᠬᠤ ᠥᠢᠯᠡᠳᠦᠯ ᠨᠢ ᠶᠠᠮᠡᠷ ᠨᠢᠬᠡᠨ ᠵᠦᠢᠯ ᠤᠨ ᠤᠨᠴᠠᠭᠠᠢ ᠪᠦᠷᠢᠯᠳᠦᠬᠦᠨ (ᠵᠢᠱᠢᠶᠡᠯᠡᠪᠡᠯ ᠲᠦᠪᠡᠳ ᠬᠠᠰᠢ ᠶᠢᠨ ᠤᠯᠠᠭᠠᠨ ᠡᠳ᠋) ᠲᠠᠢ ᠬᠤᠯᠪᠤᠭ᠎ᠠ ᠦᠬᠡᠢ᠂ ᠬᠠᠷᠢᠨ ᠪᠦᠬᠦ᠋ᠢᠯᠠ ᠴᠤᠬᠴᠠ ᠶᠢᠨ ᠥᠢᠯᠡᠳᠦᠯ ᠶᠤᠮ᠂ ᠳᠠᠷᠤᠢ ᠲᠦᠪᠡᠳ ᠬᠠᠰᠢ ᠢᠳᠡᠪᠡᠯ ᠬᠤᠳᠤᠭᠤᠳᠤᠨ ᠦᠮᠡᠨ ᠢ ᠰᠡᠷᠭᠡᠶᠢᠯᠡᠬᠦ ᠪᠠ ᠵᠠᠰᠠᠬᠤ ᠥᠢᠯᠡᠳᠦᠯ ᠲᠠᠢ᠃



ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ