ᠤᠢᠢᠷ᠎ᠠ ᠳᠤ 2019 ᠤᠨ ᠤ ᠶᠤᠤ ᠮᠢᠩ ᠰᠠᠭᠤᠷᠢ ᠮᠦᠡᠭᠭᠦᠨ ᠤ ᠨᠡᠶᠢᠭᠡᠮᠯᠢᠭ ᠤᠨ ᠬᠦᠰᠡᠯ ᠢᠨᠵᠧᠨᠧᠷᠢᠩ ᠪᠠᠭ᠎ᠠ ᠰᠤᠷᠭᠠᠭᠤᠯᠢ ᠶᠢᠨ ᠰᠠᠬᠰᠤᠨ ᠪᠦᠮᠪᠦᠭᠡ ᠶᠢᠨ ᠤᠷᠤᠯᠳᠤᠭᠠᠨ ᠤ ᠦᠪᠦᠷ ᠮᠤᠩᠭᠤᠯ ᠤᠨ ᠵᠡᠬᠦᠨ ᠤᠷᠤᠨ ᠤ ᠤᠷᠤᠯᠳᠤᠭᠠᠨ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠳᠤ ᠠᠮᠵᠢᠯᠳᠠ ᠲᠠᠢ ᠦᠨᠳᠦᠷᠯᠡᠪᠡ᠃ ᠡᠨᠡ ᠵᠢᠯ ᠤᠨ 5 ᠰᠠᠷ᠎ᠠ ᠳᠤ ᠶᠤᠤ ᠮᠢᠩ ᠰᠠᠭᠤᠷᠢ ᠮᠦᠡᠭᠭᠦᠨ ᠤ ᠨᠡᠶᠢᠭᠡᠮᠯᠢᠭ ᠤᠨ ᠬᠦᠰᠡᠯ ᠢᠨᠵᠧᠨᠧᠷᠢᠩ ᠪᠠᠭ᠎ᠠ ᠰᠤᠷᠭᠠᠭᠤᠯᠢ ᠶᠢᠨ ᠰᠠᠬᠰᠤᠨ ᠪᠦᠮᠪᠦᠭᠡ ᠶᠢᠨ ᠤᠷᠤᠯᠳᠤᠭᠠᠨ ᠤ ᠲᠦᠷᠦᠯ ᠵᠦᠢᠯ ᠢ ᠮᠠᠨ ᠤ ᠤᠷᠤᠨ ᠳᠤ ᠬᠡᠷᠡᠭᠵᠢᠬᠦᠯᠦᠭᠰᠡᠨ ᠤ ᠲᠠᠷᠠᠭ᠎ᠠ᠂ ᠰᠠᠬᠰᠤᠨ ᠪᠦᠮᠪᠦᠭᠡ ᠶᠢᠨ ᠲᠤᠰᠬᠠᠢ ᠮᠡᠷᠭᠡᠵᠢᠯ ᠤᠨ ᠤᠶᠤᠳᠠᠠ ᠠᠴᠠ ᠬᠦᠬᠡᠬᠤᠳᠠ ᠶᠢᠨ ᠦᠴᠤᠸᠠᠨ ᠰᠢᠶᠠᠨ᠂ ᠬᠤᠷᠢᠨᠭᠡᠷ ᠰᠢᠶᠠᠨ᠂ ᠬᠢᠨᠭ᠍ᠭᠠᠠ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤ ᠵᠡᠷᠭᠡ ᠭᠠᠵᠠᠷ ᠤᠨ 20 ᠰᠤᠷᠭᠠᠭᠤᠯᠢ ᠳᠤ 2 ᠰᠠᠷ᠎ᠠ ᠶᠢᠨ ᠬᠤᠭᠤᠴᠠᠭ᠎ᠠ ᠲᠠᠢ ᠨᠡᠶᠢᠳᠡ ᠶᠢᠨ ᠠᠰᠠᠷᠠᠮᠵᠢ ᠶᠢᠨ ᠰᠤᠷᠭᠠᠨ ᠬᠦᠮᠦᠵᠢᠯ ᠢ ᠲᠡᠳᠭᠦᠭᠦ ᠠᠵᠢᠯᠯᠠᠭ᠎ᠠ ᠦᠷᠨᠢᠬᠦᠯᠪᠡ᠃

ᠤᠢᠢᠯᠠᠭᠠᠬᠰᠠᠨ ᠢᠶᠠᠷ᠂ ᠶᠤᠤ ᠮᠢᠩ ᠰᠠᠭᠤᠷᠢ ᠮᠦᠡᠭᠭᠦᠨ ᠤ ᠨᠡᠶᠢᠭᠡᠮᠯᠢᠭ ᠤᠨ ᠬᠦᠰᠡᠯ ᠢᠨᠵᠧᠨᠧᠷᠢᠩ ᠪᠠᠭ᠎ᠠ ᠰᠤᠷᠭᠠᠭᠤᠯᠢ ᠶᠢᠨ ᠰᠠᠬᠰᠤᠨ ᠪᠦᠮᠪᠦᠭᠡ ᠶᠢᠨ ᠤᠷᠤᠯᠳᠤᠭᠠᠨ ᠪᠤᠯ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠲᠦᠷᠦᠯ ᠵᠦᠢᠯ ᠪᠠᠶᠢᠵᠤ᠂ ᠰᠠᠶᠢᠨ ᠲᠤᠷᠠᠴᠤᠤᠯ ᠰᠤᠷᠭᠠᠨ ᠬᠦᠮᠦᠵᠢᠯ ᠢ ᠲᠡᠳᠭᠦᠭᠦ᠂ ᠰᠠᠬᠰᠤᠨ ᠪᠦᠮᠪᠦᠭᠡ ᠶᠢᠨ ᠪᠤᠯᠪᠠᠰᠤᠷᠠᠯ ᠬᠦᠷᠳᠡᠭᠡᠭᠦ᠂ ᠰᠠᠬᠰᠤᠨ ᠪᠦᠮᠪᠦᠭᠡ ᠶᠢᠨ ᠤᠷᠤᠯᠳᠤᠭᠠᠨ ᠦᠷᠨᠢᠬᠦᠯᠬᠦ ᠵᠡᠷᠭᠡ ᠬᠡᠯᠪᠡᠷᠢ ᠪᠠᠷ ᠬᠦᠰᠡᠯ ᠢᠨᠵᠧᠨᠧᠷᠢᠩ ᠪᠠᠭ᠎ᠠ ᠰᠤᠷᠭᠠᠭᠤᠯᠢ ᠪᠠ ᠬᠦᠳᠡᠭᠡ ᠲᠤᠰᠬᠤᠨ ᠤ ᠪᠠᠭ᠎ᠠ ᠰᠤᠷᠭᠠᠭᠤᠯᠢ ᠶᠢᠨ ᠲᠠᠮᠢᠷ ᠤᠨ ᠪᠠᠭᠰᠢ ᠬᠦᠷᠦᠯᠴᠡᠬᠦ ᠦᠭᠡᠢ᠂ ᠲᠡᠮᠢᠷ ᠤᠨ ᠬᠢᠴᠢᠶᠡᠯ᠂ ᠲᠠᠮᠢᠷ ᠤᠨ ᠬᠦᠳᠡᠯᠭᠡᠭᠡᠨ ᠲᠤᠳᠠᠮᠠᠭ ᠪᠠᠶᠢᠳᠠᠯ ᠢ ᠬᠤᠪᠢᠷᠠᠭᠤᠯᠬᠤ ᠶᠢ ᠵᠤᠷᠢᠪᠠ᠃( ᠭᠤᠶᠤᠬᠠᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ