14ae7989-09eb-4532-bd9b-c287cec4cad2.jpg

7 ᠰᠠᠷ᠎ᠠ ᠶᠢᠨ 31 ᠤ ᠥᠳᠡ ᠶᠢᠨ ᠡᠮᠥᠨ᠎ᠠ᠂ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠡᠬᠢᠯᠡᠲᠡᠯᠡᠬᠢ 200 ᠡᠳᠤᠷ ᠤᠨ ᠪᠥᠬᠦ ᠠᠷᠠᠳ ᠤᠨ ᠪᠡᠶ᠎ᠠ ᠴᠢᠬᠢᠷᠠᠬᠵᠢᠭᠤᠯᠬᠤ ᠠᠵᠢᠯᠯᠠᠭ᠎ᠠ ᠶᠢᠨ ᠡᠬᠢᠯᠠᠯᠳᠠ ᠶᠢᠨ ᠶᠤᠰᠤᠯᠠᠯ ᠬᠥᠯᠥᠨ ᠪᠤᠶᠢᠷ ᠬᠤᠳᠠ ᠶᠢᠨ ᠬᠠᠶᠢᠯᠠᠷ ᠲᠤᠭᠤᠷᠢᠬ ᠤᠨ ᠴᠢᠩᠭᠢᠰ ᠬᠠᠭᠠᠨ ᠠᠭᠤᠳᠠᠮ ᠲᠠᠯᠠᠪᠠᠢ ᠳᠤ ᠶᠠᠪᠤᠬᠳᠠᠪᠠ᠃

ᠥᠪᠡᠷᠳᠡᠭᠡᠨ ᠵᠠᠰᠠᠬᠤ ᠤᠷᠤᠨ ᠤ ᠲᠡᠳ᠋ ᠲᠠᠷᠢᠬᠦᠯᠡᠭᠴᠢ ᠵᠸᠡᠭ ᠬᠤᠨᠭ᠌ ᠹᠠᠨ ᠡᠬᠢᠯᠠᠯᠳᠠ ᠶᠢᠨ ᠶᠤᠰᠤᠯᠠᠯ ᠳᠤ ᠤᠷᠤᠯᠴᠠᠵᠠᠢ᠃

ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ 2020 ᠤᠨ ᠤ 2 ᠰᠠᠷ᠎ᠠ ᠶᠢᠨ 16 ᠤ ᠡᠳᠤᠷ ᠬᠥᠯᠥᠨ ᠪᠤᠶᠢᠷ ᠬᠤᠳᠠ ᠳᠤ ᠥᠪᠡᠳᠡᠭᠰᠢ ᠶᠡᠭᠡ ᠪᠠᠷ ᠶᠠᠪᠤᠬᠳᠠᠬᠤ ᠪᠤᠯᠤᠨ᠎ᠠ᠃ ᠲᠤᠰ ᠤᠳᠠᠭ᠎ᠠ ᠶᠢᠨ ᠪᠥᠬᠦ ᠠᠷᠠᠳ ᠤᠨ ᠪᠡᠶ᠎ᠠ ᠴᠢᠬᠢᠷᠠᠬᠵᠢᠭᠤᠯᠬᠤ ᠠᠵᠢᠯᠯᠠᠭ᠎ᠠ ᠨᠢ 《ᠡᠪᠤᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠳᠤ ᠤᠷᠤᠯᠴᠠᠬᠤ᠂ ᠡᠪᠤᠯ ᠤᠨ ᠤᠯᠠᠷᠢᠯ ᠤᠨ ᠲᠠᠮᠢᠷᠴᠢᠨ ᠪᠤᠯᠬᠤ᠂ ᠪᠡᠶ᠎ᠡ ᠪᠠᠨ ᠴᠢᠬᠢᠷᠠᠬᠵᠢᠭᠤᠯᠬᠤ᠂ ᠲᠠᠭᠠᠭᠠᠴᠢᠯᠠᠨ ᠡᠷᠬᠢᠯᠡᠬᠦ ᠠᠵᠢᠯ ᠢᠶᠠᠨ ᠰᠠᠶᠢᠳᠤᠷ ᠬᠢᠬᠦ᠂ ᠠᠷᠪᠠᠨ ᠲᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠢᠶᠠᠨ ᠪᠡᠶᠡᠷᠯᠡᠨ ᠤᠬᠳᠤᠬᠤ》 ᠪᠠᠷ ᠭᠤᠤᠯ ᠰᠡᠳᠤᠪ ᠪᠤᠯᠭᠠᠵᠤ᠂ ᠬᠥᠮᠥᠨ ᠪᠥᠬᠦᠨ ᠠᠷᠪᠠᠨ ᠲᠥᠷᠪᠡᠳᠥᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠠᠵᠢᠯᠯᠠᠭ᠎ᠠ ᠳᠤ ᠤᠷᠤᠯᠴᠠᠬᠤ ᠠᠭᠤᠷ ᠠᠮᠢᠰᠬᠤᠯ ᠢ ᠦᠳᠭᠡᠷᠡᠭᠦᠯᠬᠦ ᠡᠬᠦᠳᠡᠨ ᠠᠴᠠ 3000 ᠭᠠᠷᠤᠢ ᠬᠥᠮᠥᠨ ᠡᠬᠢᠯᠡᠯᠳᠠ ᠶᠢᠨ ᠶᠤᠰᠤᠯᠠᠯ ᠤᠨ ᠠᠵᠢᠯᠯᠠᠭ᠎ᠠ ᠳᠤ ᠤᠷᠤᠯᠴᠠᠵᠠᠢ᠃

ᠥᠢᠷ᠎ᠠ ᠶᠢᠨ ᠵᠢᠯ ᠳᠤ ᠬᠥᠯᠥᠨ ᠪᠤᠶᠢᠷ ᠬᠤᠳᠠ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠢ ᠲᠠᠭᠠᠭᠠᠴᠢᠯᠠᠨ ᠡᠷᠬᠢᠯᠡᠬᠦ ᠠᠵᠠ ᠲᠤᠬᠢᠶᠠᠯ ᠢ ᠡᠵᠡᠮᠳᠠᠵᠦ᠂ ᠴᠠᠰᠤ ᠮᠦᠰᠦᠨ ᠤ ᠡᠬᠢ ᠪᠡᠶᠠᠯᠢᠬ ᠲᠠᠭᠠᠨ ᠲᠥᠰᠢᠭᠯᠡᠨ ᠴᠠᠰᠤ ᠮᠦᠰᠦ᠂ ᠰᠤᠶᠤᠯ᠂ ᠪᠡᠶ᠎ᠠ ᠶᠢᠨ ᠲᠠᠮᠢᠷ᠂ ᠵᠢᠭᠤᠯᠴᠢᠯᠠᠯ ᠤᠨ ᠠᠭᠤᠰᠤᠯᠴᠠᠭᠤᠯᠤᠨ ᠬᠥᠭᠵᠢᠬᠦᠯᠵᠥ᠂ ᠴᠠᠰᠤ ᠮᠥᠰᠤᠨ ᠤ ᠲᠠᠮᠢᠷ ᠤᠨ ᠬᠥᠳᠡᠯᠭᠡᠭᠡᠨ ᠤ ᠨᠡᠷᠡᠳᠤ ᠬᠤᠳᠠ ᠶᠢ ᠴᠤᠭᠴᠠᠯᠠᠨ ᠪᠠᠶᠢᠭᠤᠯᠬᠤ ᠪᠠᠨ ᠲᠥᠷᠭᠡᠳᠭᠡᠵᠥ᠂ ᠨᠡᠷ᠎ᠠ ᠨᠥᠯᠥᠭᠡ ᠶᠡᠬᠡᠳᠠᠢ ᠡᠪᠤᠯ ᠤᠨ ᠤᠯᠠᠷᠢᠯ ᠤᠨ ᠲᠥᠷᠥᠯ ᠲᠡᠮᠳᠡᠭᠳᠤ ᠠᠵᠢᠯᠯᠠᠭ᠎ᠠ ᠶᠢ ᠢᠳᠠᠪᠬᠢᠳᠠᠢ ᠥᠷᠨᠢᠬᠦᠯᠵᠥ᠂ ᠬᠥᠯᠥᠨ ᠪᠤᠶᠢᠷ ᠤᠨ ᠤᠨᠴᠠᠯᠢᠬᠳᠤ ᠴᠠᠰᠤ ᠮᠥᠰᠤᠨ ᠤ ᠰᠤᠶᠤᠯ ᠤᠨ ᠲᠦᠷᠦᠯ ᠲᠡᠮᠳᠡᠭ ᠢ ᠴᠢᠷᠮᠠᠶᠢᠨ ᠡᠬᠦᠳᠴᠤ᠂ 《ᠡᠪᠤᠯ ᠤᠨ ᠤᠯᠠᠷᠢᠯ ᠤᠨ ᠨᠠᠭᠠᠳᠤᠮ》᠂ 《ᠡᠪᠤᠯ ᠤᠨ ᠤᠯᠠᠷᠢᠯ ᠤᠨ ᠪᠠᠭᠠᠳᠤᠳ ᠤᠨ ᠴᠤᠬᠯᠠᠭᠠᠨ》᠂ 《ᠴᠠᠰᠤ ᠮᠥᠰᠥᠨ ᠤ ᠭᠡᠭᠡᠷᠡᠯᠡᠨ ᠤᠷᠤᠯᠳᠤᠬᠤ ᠤᠷᠤᠯᠳᠤᠭᠠᠨ》᠂ 《ᠴᠠᠰᠤ ᠮᠥᠰᠤᠨ ᠤ ᠮᠠᠷᠠᠽᠤᠨ》 ᠵᠡᠷᠭᠡ ᠲᠥᠷᠥᠯ ᠲᠡᠮᠳᠡᠭᠳᠤ ᠠᠵᠢᠯᠯᠠᠭ᠎ᠠ ᠶᠢ ᠢᠳᠡ ᠭᠥᠭ ᠲᠠᠢ ᠶᠠᠪᠤᠬᠳᠠᠭᠤᠯᠵᠥ᠂ ᠡᠪᠤᠯ ᠤᠨ ᠤᠯᠠᠷᠢᠯ ᠤᠨ ᠵᠢᠭᠤᠯᠴᠢᠯᠠᠯ ᠪᠠ ᠴᠠᠰᠤ ᠮᠥᠰᠤᠨ ᠤ ᠠᠵᠤ ᠥᠢᠯᠡᠰ ᠤᠨ ᠲᠥᠷᠭᠡᠨ ᠬᠥᠭᠵᠢᠯᠳᠠ ᠪᠠᠨ ᠪᠥᠳᠥᠮᠵᠢᠳᠠᠢ ᠠᠬᠢᠭᠤᠯᠵᠥ ᠪᠤᠢ᠃(ᠦᠷᠭᠡᠨ)

0bdb4a16-47cc-4a38-b4a9-a4911edfe312.jpg

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ