449d8458-684f-4709-9cdf-113c61415c41.png

13 ᠤ ᠡᠳᠤᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠬᠤᠭᠤᠴᠠᠭᠠᠨ ᠤ ᠶᠡᠬᠡ ᠰᠤᠷᠭᠠᠭᠤᠯᠢ ᠶᠢᠨ ᠤᠶᠤᠳᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠦᠬᠡᠬᠤᠳᠠ ᠳᠤ ᠦᠨᠳᠦᠷᠯᠡᠪᠡ᠃ 

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ᠂ ᠦᠪᠦᠷ ᠮᠤᠩᠭᠤᠯ ᠤᠨ ᠡᠪ ᠬᠠᠮᠳᠤ ᠵᠠᠯᠠᠭᠤᠴᠤᠳ ᠤᠨ ᠡᠪᠯᠡᠯ ᠡᠴᠡ ᠡᠷᠬᠢᠯᠡᠵᠤ᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠡᠴᠡ ᠲᠠᠭᠠᠭᠠᠴᠢᠯᠠᠵᠤ᠂ ᠲᠠᠪᠤᠨ ᠰᠠᠷ᠎ᠠ ᠭᠠᠷᠤᠢ ᠶᠢᠨ ᠬᠤᠭᠤᠴᠠᠭ᠎ᠠ ᠤᠷᠤᠯᠳᠤᠭᠰᠠᠨ ᠲᠤᠰ ᠴᠤᠭᠯᠠᠭᠠᠨ ᠳᠤ ᠨᠡᠶᠢᠳᠡ 51 ᠶᠡᠬᠡ ᠲᠡᠭᠡᠳᠤ ᠰᠤᠷᠭᠠᠭᠤᠯᠢ ᠶᠢᠨ 6200 ᠭᠠᠷᠤᠢ ᠲᠠᠮᠢᠷᠴᠢᠨ ᠤᠷᠤᠯᠴᠠᠭᠰᠠᠨ ᠪᠠᠶᠢᠨ᠎ᠠ᠃

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠶᠡᠬᠡ ᠰᠤᠷᠭᠠᠭᠤᠯᠢ ᠶᠢᠨ ᠤᠶᠤᠳᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠬᠦᠳᠡᠯᠬᠡᠬᠡᠨ ᠪᠦᠬᠡᠳ ᠲᠦᠷᠪᠡᠨ ᠵᠢᠯ ᠠᠯᠤᠰᠯᠠᠨ ᠨᠢᠬᠡ ᠤᠳᠠᠭ᠎ᠠ ᠵᠤᠬᠢᠶᠠᠨ ᠪᠠᠶᠢᠭᠤᠯᠤᠭᠳᠠᠳᠠᠭ᠃ 2023 ᠤᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠶᠡᠬᠡ ᠰᠤᠷᠭᠠᠭᠤᠯᠢ ᠶᠢᠨ ᠤᠶᠤᠳᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ᠦᠪᠦᠷ ᠮᠤᠩᠭ᠋ᠤᠯ ᠤᠨ ᠡᠳ᠋ ᠤᠨ ᠵᠠᠰᠠᠭ ᠤᠨ ᠶᠡᠬᠡ ᠰᠤᠷᠭᠠᠭᠤᠯᠢ ᠳᠤ ᠵᠤᠬᠢᠶᠠᠨ ᠪᠠᠶᠢᠭᠤᠯᠤᠭᠳᠠᠬᠤ ᠪᠤᠯᠤᠨ᠎ᠠ᠃

ᠢᠷᠡᠯᠳᠡ : 

ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ