8 ᠰᠠᠷ᠎ᠠ ᠶᠢᠨ 8 ᠤ ᠤᠷᠤᠢ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ ᠱᠠᠨ ᠰᠢ ᠶᠢᠨ ᠲᠠᠶᠢᠶᠤᠸᠠᠨ ᠳᠤ ᠨᠡᠭᠡᠭᠡᠯᠲᠡ ᠪᠠᠨ ᠬᠢᠵᠦ ᠦᠪᠦᠷ ᠮᠤᠩ᠋ᠭᠤᠯ ᠡᠴᠡ 329 ᠲᠠᠮᠢᠷᠴᠢᠨ 17 ᠲᠦᠷᠦᠯ ᠤᠨ ᠲᠡᠮᠡᠴᠡᠭᠡᠨ ᠳᠤ ᠦᠷᠢᠰᠦᠯᠳᠦᠵᠦ ᠪᠤᠢ᠃

ᠤᠶᠢᠯᠠᠭᠠᠬᠰᠠᠨ ᠢᠶᠡᠷ᠂ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠬᠯᠠᠭᠠᠨ ᠳᠤ 49 ᠲᠡᠮᠡᠴᠡᠭᠡᠨ ᠤ ᠲᠦᠷᠦᠯ ᠢ ᠲᠤᠬᠢᠷᠠᠭᠤᠯᠵᠦ᠂ ᠡᠭᠦᠨ ᠤ ᠲᠤᠳᠤᠷ᠎ᠠ ᠵᠤᠨ ᠤ ᠤᠯᠠᠷᠢᠯ ᠤᠨ ᠬᠢ 37᠂ ᠡᠪᠦᠯ ᠤᠨ ᠤᠯᠠᠷᠢᠯ ᠤᠨ ᠬᠢ 5᠂ ᠪᠦᠷᠢᠨ ᠴᠢᠳᠠᠪᠤᠷᠢ ᠶᠢᠨ ᠬᠢ 7 ᠪᠠᠬᠲᠠᠵᠦ ᠪᠤᠢ᠃ ᠤᠳᠤ ᠵᠠᠷᠢᠮ ᠲᠦᠷᠦᠯ ᠤᠨ ᠲᠡᠮᠡᠴᠡᠭᠡᠨ ᠨᠢ ᠨᠢᠭᠡᠨᠲᠡ ᠳᠠᠭᠤᠰᠴᠦ᠂ ᠪᠡᠶ᠎ᠡ ᠶᠢᠨ ᠲᠠᠮᠢᠷ ᠤᠨ ᠴᠤᠬᠯᠠᠭᠠᠨ ᠤ ᠬᠤᠭᠤᠴᠠᠭᠠᠨ ᠳᠤ 22 ᠲᠦᠷᠦᠯ ᠤᠨ 24 ᠵᠦᠢᠯ ᠤᠨ ᠲᠡᠮᠡᠴᠡᠭᠡᠨ ᠢ ᠵᠤᠬᠢᠶᠠᠨ ᠪᠠᠶᠢᠭᠤᠯᠤᠨ᠎ᠠ᠃ ᠨᠢᠭᠡᠨᠲᠡ ᠳᠠᠭᠤᠰᠤᠬᠰᠠᠨ ᠲᠡᠮᠡᠴᠡᠭᠡᠨ ᠳ᠋ᠦ ᠦᠪᠦᠷ ᠮᠤᠩ᠋ᠭᠤᠯ ᠤᠨ ᠲᠦᠯᠦᠭᠡᠯᠡᠬᠦ ᠪᠠᠬ ᠤᠨ ᠬᠢᠨ ᠨᠡᠶᠢᠲᠡ 34 ᠠᠯᠲᠠ᠂ 34 ᠮᠦᠩᠭᠦ᠂ 50 ᠬᠦᠷᠡᠯ ᠮᠸᠳ᠋ᠠᠯ ᠠᠪᠴᠠᠢ᠃ ᠦᠪᠦᠷ ᠮᠤᠩ᠋ᠭᠤᠯ ᠨᠤᠲᠤᠬᠲᠠᠢ ᠲᠠᠮᠢᠷᠴᠢᠳ ᠨᠡᠶᠢᠲᠡ 54 ᠠᠯᠲᠠ᠂ 46 ᠮᠦᠩᠭᠦ᠂ 62 ᠬᠦᠷᠡᠯ ᠮᠸᠳ᠋ᠠᠯ ᠠᠪᠴᠠᠢ᠃

ᠢᠷᠡᠯᠳᠡ : 

ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ