8 ᠰᠠᠷ᠎ᠠ ᠶᠢᠨ 8 ᠤ ᠥᠳᠡ ᠶᠢᠨ ᠡᠮᠥᠨ᠎ᠠ᠂ ᠥᠪᠡᠷᠳᠡᠭᠡᠨ ᠵᠠᠰᠠᠬᠤ ᠤᠷᠤᠨ ᠤ ᠪᠥᠬᠦ ᠤᠷᠤᠨ ᠤ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠥᠢᠯᠡᠴᠢᠯᠡᠬᠡᠨ ᠤ ᠲᠥᠪ᠂ ᠨᠡᠶᠢᠭᠡᠮ ᠤᠨ ᠪᠡᠶ᠎ᠠ ᠶᠢᠨ ᠲᠠᠮᠢᠷ ᠤᠨ ᠥᠢᠯᠡᠴᠢᠯᠡᠭᠡᠨ ᠤ ᠲᠥᠪ ᠪᠠ ᠪᠡᠶ᠎ᠠ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠠᠴᠠ ᠭᠤᠤᠯᠯᠠᠨ ᠡᠷᠬᠢᠯᠡᠭᠰᠡᠨ 2019 ᠤᠨ ᠤ 《ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠡᠳᠤᠷ》 ᠤᠨ ᠠᠵᠢᠯᠯᠠᠭ᠎ᠠ ᠶᠢᠨ ᠥᠪᠥᠷ ᠮᠤᠩᠭᠤᠯ ᠤᠨ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠥᠢᠯᠡᠴᠢᠯᠡᠭᠡᠨ ᠤ ᠲᠥᠪ ᠤᠨ ᠬᠤᠪᠢᠶᠠᠷᠢ ᠬᠤᠷᠠᠯ ᠤᠨ ᠲᠡᠯᠡᠪᠡᠢ ᠶᠢᠨ ᠠᠵᠢᠯᠯᠠᠭ᠎ᠠ ᠶᠢᠨ ᠡᠬᠢᠯᠠᠯᠳᠠ ᠶᠢᠨ ᠶᠤᠰᠤᠯᠠᠯ ᠬᠦ᠋ᠬᠡᠬᠤᠳᠠ ᠳᠤ ᠶᠠᠪᠤᠬᠳᠠᠪᠠ᠃ ᠡᠨᠡ ᠨᠢ 2019 ᠤᠨ ᠤ 《ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠡᠳᠤᠷ》 ᠤᠨ ᠮᠡᠨ ᠤ ᠤᠷᠤᠨ ᠳᠠᠬᠢ ᠠᠵᠢᠯᠯᠠᠭ᠎ᠠ ᠡᠬᠢᠯᠡᠭᠰᠡᠨ ᠢ ᠬᠠᠷᠠᠭᠤᠯᠵᠥ ᠪᠤᠢ᠃ 

ᠡᠨᠡ ᠵᠢᠯ ᠤᠨ 8 ᠰᠠᠷ᠎ᠠ ᠶᠢᠨ 8 ᠤ ᠡᠳᠦᠷ ᠪᠤᠯ ᠮᠠᠨ ᠤ ᠤᠯᠤᠰ ᠤᠨ ᠠᠷᠪᠠᠨ ᠨᠢᠭᠡᠳᠡᠬᠢ 《ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠡᠳᠤᠷ》 ᠪᠤᠯᠬᠤ ᠶᠤᠮ᠃ ᠲᠤᠰ ᠤᠳᠠᠭ᠎ᠠ ᠶᠢᠨ ᠠᠵᠢᠯᠯᠠᠭ᠎ᠠ ᠶᠢᠨ ᠭᠤᠤᠯ ᠰᠡᠳᠤᠪ ᠪᠤᠯ 《ᠡᠷᠡᠭᠦᠯ ᠡᠩᠭᠡ ᠲᠤᠮᠳᠠᠳᠤ ᠤᠯᠤᠰ᠂ ᠲᠡ ᠪᠢᠳᠠ ᠬᠠᠮᠳᠤ ᠪᠠᠷ ᠠᠶᠠᠯᠠᠬᠤ》 ᠪᠤᠯᠤᠨ᠎ᠠ᠃ ᠡᠬᠢᠯᠠᠯᠳᠠ ᠶᠢᠨ ᠶᠤᠰᠤᠯᠠᠯ ᠤᠨ ᠠᠵᠢᠯᠯᠠᠭ᠎ᠠ ᠳᠤ ᠤᠯᠠᠨ ᠲᠦᠮᠡᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠲᠤᠬᠯᠠᠯᠳᠠ᠂ ᠡᠯ᠎ᠠ ᠵᠦᠢᠯ ᠤᠨ ᠪᠡᠶ᠎ᠠ ᠶᠢᠨ ᠲᠠᠮᠢᠷ ᠤᠨ ᠥᠷᠢᠰᠥᠯᠳᠥᠭᠡᠨᠳᠤ ᠤᠷᠤᠯᠳᠤᠭᠠᠨ᠂ ᠪᠥᠮᠪᠥᠬᠡᠨ ᠲᠥᠷᠥᠯ ᠤᠨ ᠪᠠᠭ᠋ᠠᠳᠠᠳ ᠤᠨ ᠤᠷ᠎ᠠ ᠠᠪᠢᠶᠠᠰ ᠤᠨ ᠥᠵᠡᠬᠦᠯᠭᠡ᠂ ᠡᠷᠡᠬᠦᠯ ᠮᠡᠨᠳᠦ ᠶᠢᠨ ᠶᠡᠷᠥ ᠶᠢᠨ ᠮᠡᠳᠡᠯᠭᠡ ᠶᠢᠨ ᠤᠷᠤᠯᠳᠤᠭᠠᠨ ᠵᠡᠷᠭᠡ ᠤᠯᠠᠨ ᠲᠥᠮᠡᠨ ᠤ ᠲᠤᠷ᠎ᠠ ᠪᠠᠬ᠎ᠠ ᠲᠠᠢ ᠠᠵᠢᠯᠯᠠᠭ᠎ᠠ ᠪᠠ ᠥᠳᠥᠨ ᠪᠥᠮᠪᠦᠭᠡ ᠶᠢᠨ ᠲᠠᠰᠬᠠᠯᠵᠢᠭᠤᠯᠤᠬᠴᠢ ᠶᠢᠨ ᠮᠡᠷᠭᠡᠵᠢᠯ ᠤᠨ ᠵᠢᠯᠤᠭᠤᠳᠤᠯᠭ᠎ᠠ᠂ ᠥᠨ᠎ᠠ ᠲᠥᠯᠥᠪᠤᠷᠢ ᠥᠬᠡᠢ ᠪᠠᠷ ᠪᠡᠶ᠎ᠠ ᠮᠠᠬᠠᠪᠤᠳ ᠤᠨ ᠡᠷᠡᠬᠦᠯ ᠮᠡᠨᠳᠦ ᠶᠢ ᠰᠢᠯᠭᠠᠨ ᠬᠡᠮᠵᠢᠬᠦ᠂ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠲᠤᠬᠠᠢ ᠲᠠᠶᠢᠯᠥᠮᠵᠢ ᠵᠡᠷᠭᠡ 10 ᠭᠠᠷᠤᠢ ᠲᠥᠷᠥᠯ ᠤᠨ ᠠᠵᠢᠯᠯᠠᠭ᠎ᠠ ᠶᠢ ᠡᠷᠬᠢᠯᠡᠨ ᠶᠠᠪᠤᠬᠳᠠᠭᠤᠯᠵᠥ᠂ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠭᠰᠠᠨ ᠪᠠᠶᠢᠨ᠎ᠠ᠃(ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ