ᠨᠠᠷᠠ ᠬᠤᠷ᠎ᠠ ᠲᠡᠩᠴᠡᠭᠰᠡᠨ ᠨᠠᠯᠠᠭᠠᠷ ᠵᠤᠨ ᠤ 8 ᠰᠠᠷ᠎ᠠ ᠶᠢᠨ 9 ᠤ ᠡᠳᠦᠷ ᠡᠬᠢᠯᠡᠭᠰᠡᠨ 《2019 · ᠬᠢᠨᠭ᠍ᠭᠠᠨ ᠠᠶᠢᠮᠠᠭ ᠤᠨ ᠨᠠᠭᠠᠳᠤᠮ ᠤᠨ ᠶᠡᠭᠡ ᠬᠤᠷᠠᠯ》ᠬᠦᠷ ᠬᠦᠭᠵᠢᠶᠡᠨ ᠲᠠᠢ ᠶᠠᠪᠤᠭᠳᠠᠵᠤ᠂ ᠡᠬᠡ ᠤᠯᠤᠰ ᠤᠨ ᠲᠦᠷᠪᠡᠨ ᠵᠦᠭ ᠨᠡᠢᠮᠡᠨ ᠵᠤᠪᠬᠢᠰ ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠠᠳ ᠪᠠ ᠨᠠᠭᠠᠳᠤᠮᠴᠢᠳ ᠬᠢᠨᠭ᠍ᠭᠠᠨ ᠠᠶᠢᠮᠠᠭ ᠤᠨ 6 ᠬᠤᠰᠢᠭᠤ ᠰᠢᠶᠠᠠ ᠬᠤᠳᠠ ᠠᠴᠠ ᠢᠷᠡᠭᠰᠡᠨ ᠮᠠᠯᠴᠢᠨ ᠲᠠᠷᠢᠶᠠᠴᠢᠨ ᠲᠠᠢ ᠬᠠᠮᠳᠤ ᠪᠠᠷ ᠡᠨᠡ ᠬᠦ ᠦᠪᠡᠳᠡᠭᠰᠢ ᠨᠠᠭᠠᠳᠤᠮ ᠳᠤ ᠰᠤᠬᠲᠤᠭᠤᠷᠠᠵᠤ᠂ ᠠᠯᠳᠠᠨ ᠬᠢᠨᠭ᠍ᠭᠠᠨ ᠪᠠᠶᠠᠷ ᠤᠨ ᠲᠠᠯᠠᠢ ᠪᠠᠷ ᠬᠠᠯᠬᠢᠯᠠᠨ᠎ᠠ᠃

ᠬᠦᠮᠦᠨ ᠠᠷᠠᠳ ᠢ ᠲᠤᠷᠨᠢᠭᠤᠯᠤᠭᠰᠠᠨ ᠬᠤᠤᠯᠢᠨ ᠭᠤᠤᠯ᠂ ᠬᠦᠮᠦᠰ ᠢ ᠰᠤᠬᠳᠤᠭᠤᠷᠠᠭᠤᠯᠤᠮ᠎ᠠ ᠬᠦᠢᠯᠡᠷ ᠤᠨ ᠭᠤᠤᠯ᠂ ᠮᠤᠷᠤᠯᠵᠠᠨ ᠤᠷᠤᠰᠬᠤ ᠲᠤᠭᠤᠷ ᠤᠨ ᠭᠤᠤᠯ ᠬᠤᠪᠢ ᠶᠢᠨ ᠭᠠᠳᠠᠨ᠎ᠠ ᠭᠤᠶᠤᠬᠠᠨ᠂ ᠦᠨᠦᠳᠦᠷ ᠬᠢᠩᠭᠠᠨᠴᠤᠳ ᠨᠢᠬᠡ ᠲᠤᠤᠷ᠎ᠠ ᠴᠤᠭᠯᠠᠷᠠᠨ ᠬᠦᠳᠡᠯᠮᠦᠷᠢ ᠶᠢᠨ ᠴᠡᠩᠬᠡᠯ ᠢᠶᠠᠨ ᠬᠤᠪᠢᠶᠠᠯᠴᠠᠨ ᠠᠮᠢᠳᠤᠷᠠᠯ ᠤᠨ ᠵᠢᠷᠭᠠᠯ ᠢᠶᠠᠨ ᠡᠳ᠋ᠯᠡᠵᠦ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠬᠠᠮᠳᠤ ᠪᠠᠷ ᠪᠡᠯᠬᠡᠯᠡᠵᠡᠬᠡᠨ᠎ᠠ᠃ ᠨᠠᠭᠠᠳᠤᠮ ᠤᠨ ᠶᠡᠭᠡ ᠬᠤᠷᠠᠯ ᠨᠢ 《ᠤᠯᠠᠭᠠᠨᠮᠤᠳᠤ ᠶᠢᠨ ᠲᠠᠯ᠎ᠠ ᠨᠤᠳᠤᠭ ᠲᠤ ᠪᠤᠯᠵᠤᠵᠦ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠬᠠᠮᠳᠤ ᠪᠠᠷ ᠪᠡᠯᠬᠡᠯᠡᠬᠦ》 ᠪᠠᠷ ᠭᠤᠤᠯ ᠰᠡᠳᠦᠪ ᠢᠶᠠᠨ ᠪᠤᠯᠭᠠᠵᠤ᠂ 《ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ》 ᠤᠢᠢᠯᠠᠭᠠᠬᠳᠠᠬᠤᠨ ᠢ ᠬᠦᠨᠵᠡᠬᠡᠢ ᠦᠢᠯᠡᠳᠦᠯᠬᠡᠵᠢᠬᠦᠯᠤᠨ᠂ ᠦᠨᠳᠦᠰᠦᠳᠡᠨ ᠨᠦᠭᠦᠳ ᠤᠨ ᠤᠯᠠᠨ ᠲᠦᠮᠡᠨ ᠪᠦᠯᠬᠦᠮᠳᠠᠨ ᠨᠢᠬᠳᠠᠷᠠᠵᠦ ᠡᠬᠡ ᠤᠯᠤᠰ ᠤᠨ ᠤᠮᠠᠷᠠᠳᠤ ᠬᠢᠯᠢ ᠪᠠᠨ ᠬᠠᠮᠳᠤ ᠪᠠᠷ ᠪᠦᠳᠦᠬᠡᠨ ᠪᠠᠶᠢᠭᠤᠯᠵᠤ ᠪᠠᠶᠢᠭ᠎ᠠ ᠠᠮᠢᠳᠤᠯᠢᠭ ᠦᠢᠯᠡᠳᠦᠯᠬᠡ ᠶᠢ ᠲᠤᠰᠬᠠᠯ᠎ᠠ᠃ ᠨᠠᠭᠠᠳᠤᠮ ᠨᠢ ᠡᠷ᠎ᠠ ᠶᠢᠨ ᠭᠤᠷᠪᠠᠨ ᠨᠠᠭᠠᠳᠤᠮ᠂ ᠮᠤᠩᠭᠤᠯ ᠦᠨᠳᠤᠰᠤᠳᠡᠨ ᠤ ᠬᠤᠪᠴᠠᠰᠤ ᠵᠠᠰᠠᠯ ᠤᠨ ᠤᠷᠤᠯᠳᠤᠭᠠᠨ ᠵᠡᠷᠬᠡ ᠪᠠᠶᠠᠯᠢᠭ ᠰᠠᠶᠢᠬᠠᠨ ᠠᠭᠤᠯᠭ᠎ᠠ ᠪᠠᠷ 9 — 12 ᠤᠨ ᠡᠳᠦᠷ ᠪᠤᠯᠳᠠᠯ᠎ᠠ 4 ᠡᠳᠦᠷ ᠶᠠᠪᠤᠭᠳᠠᠬᠤ ᠪᠤᠯᠤᠨ᠎ᠠ᠃(ᠬᠡᠰᠢᠭᠪᠤᠶᠠᠨ)


ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ