ᠲᠡᠯᠬᠡᠷᠡᠬᠦ 7 ᠰᠠᠷ᠎ᠠ ᠶᠢᠨ ᠲᠤᠩᠭᠠᠯᠠᠬ ᠰᠠᠶᠢᠬᠠᠨ ᠡᠳᠤᠷ᠂ ᠬᠥᠯᠥᠨ ᠪᠤᠶᠢᠷ ᠬᠤᠳᠠ ᠶᠢᠨ ᠶᠠᠭᠰᠢ ᠬᠤᠲᠠ ᠶᠢᠨ ᠭᠠᠷᠤᠳᠢ ᠠᠭᠤᠯᠠᠨ ᠤ ᠴᠠᠨᠠᠯᠠᠬᠤ ᠤᠷᠤᠯᠳᠤᠭᠠᠨ ᠤ ᠲᠠᠯᠠᠪᠠᠢ ᠥᠪᠴᠢ ᠨᠤᠭᠤᠭᠠᠨ ᠬᠥᠷᠮ᠎ᠠ ᠬᠡᠳᠤᠷᠴᠤ ᠬᠤᠪᠢ ᠶᠢᠨ ᠭᠠᠳᠠᠨ᠎ᠠ ᠭᠤᠶᠤᠬᠠᠨ᠃ ᠥᠷᠥᠭᠡᠨ ᠤ ᠠᠭᠤᠵᠢᠮ ᠤᠷᠤᠨ ᠵᠠᠢ ᠳᠤ ᠲᠡᠯᠭᠡᠨ ᠲᠠᠯᠪᠢᠭᠠᠰᠤᠳᠠᠢ ᠲᠤᠰ ᠲᠠᠯᠠᠪᠠᠢ ᠶᠢᠨ ᠬᠠᠪᠲᠠᠭᠠᠢ ᠵᠢᠷᠤᠭ ᠢ ᠬᠠᠷᠠᠬᠤ ᠳᠤ ᠵᠠᠯ᠎ᠠ ᠲᠠᠳᠠᠬᠰᠠᠨ ᠰᠢᠤᠬᠠᠨ ᠵᠤᠷᠪᠤᠰᠯᠠᠬᠰᠠᠨ ᠴᠠᠨᠠᠯᠠᠬᠤ ᠤᠷᠤᠯᠳᠤᠭᠠᠨ ᠤ ᠵᠠᠮ ᠱᠤᠭᠤᠮ ᠮᠤᠷᠤᠯᠵᠠᠨ ᠵᠢᠬᠰᠠᠵᠥ᠂ ᠡᠲᠡᠭᠡᠳ ᠭᠤᠶᠣᠮᠰᠤᠭ ᠬᠠᠷᠠᠬᠳᠠᠵᠥ᠂ ᠭᠠᠷᠤᠳᠢ ᠠᠭᠤᠯᠠᠨ ᠤ ᠴᠠᠨᠠᠯᠠᠬᠤ ᠤᠷᠤᠯᠳᠤᠭᠠᠨ ᠤ ᠲᠠᠯᠠᠪᠠᠢ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠢᠶᠠᠨ ᠤᠬᠳᠤᠨ᠎ᠠ᠃ 

2011 ᠣᠨ ᠳᠤ ᠭᠠᠷᠤᠳᠢ ᠠᠭᠤᠯᠠᠨ ᠤ ᠴᠠᠨᠠᠯᠠᠬᠤ ᠤᠷᠤᠯᠳᠤᠭᠠᠨ ᠤ ᠲᠠᠯᠠᠪᠠᠢ ᠶᠢᠨ ᠤᠷᠤᠯᠳᠤᠭᠠᠨ ᠡᠷᠬᠢᠯᠡᠬᠦ ᠴᠢᠳᠠᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠶᠠᠭᠰᠢ ᠬᠤᠲᠠ ᠶᠢᠨ ᠵᠠᠰᠠᠭ ᠤᠨ ᠣᠷᠳᠣᠨ ᠠᠴᠠ ᠭᠠᠷᠤᠳᠢ ᠠᠭᠤᠯᠠᠨ ᠤ ᠴᠠᠨᠠᠯᠠᠬᠤ ᠤᠷᠤᠯᠳᠤᠭᠠᠨ ᠤ ᠲᠠᠯᠠᠪᠠᠢ ᠶᠢ ᠲᠡᠰ ᠲᠡᠪᠰᠢᠬᠦᠯᠬᠦ ᠪᠠᠶᠢᠭᠤᠯᠤᠯᠳᠠ ᠪᠠᠨ ᠡᠬᠢᠯᠡᠬᠦᠯᠵᠥ᠂ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠲᠣᠰᠬᠠᠢ ᠮᠡᠷᠭᠡᠵᠢᠯᠲᠡᠳ ᠢ ᠤᠷᠢᠵᠤ ᠴᠠᠬ ᠤᠨ ᠤᠷᠤᠰᠬᠠᠯ ᠳᠠᠭᠠᠭᠰᠠᠨ 《ᠡᠷᠪᠡᠬᠡᠢ ᠬᠡᠯᠪᠡᠷᠢᠲᠤ》ᠤᠷᠤᠯᠳᠤᠭᠠᠨ ᠤ ᠵᠠᠮ ᠢ ᠲᠦᠰᠦᠪᠯᠡᠵᠦ᠂ 7.5  ᠺᠢᠯᠥᠮᠧᠲᠷ ᠤᠷᠲᠤ᠂ 8  ᠮᠧᠲᠷ ᠦᠷᠭᠡᠨ ᠬᠡᠭᠡᠷᠡᠯᠡᠨ ᠴᠡᠨᠠᠯᠠᠬᠤ ᠤᠷᠤᠯᠳᠤᠭᠠᠨ ᠤ ᠵᠠᠮ ᠢ ᠪᠠᠶᠢᠭᠤᠯᠵᠥ᠂ 3.2  ᠺᠢᠯᠦᠮᠧᠲᠷ ᠤᠷᠲᠤ᠂ 6  ᠮᠧᠲᠷ ᠦᠷᠭᠡᠨ ᠪᠠᠷᠤᠭᠰᠢᠨ ᠵᠠᠮ ᠤᠨ ᠵᠣᠨ ᠤ ᠤᠯᠠᠷᠢᠯ ᠤᠨ ᠡᠭᠡᠯᠵᠢ ᠶᠢᠨ ᠴᠠᠨᠠᠯᠠᠬᠤ ᠲᠠᠯᠠᠪᠠᠢ᠂ 30 ᠲᠡᠮᠦᠷ ᠫᠠᠢ ᠲᠠᠢ ᠪᠠᠷᠢᠮᠵᠢᠶᠠᠲᠤ ᠬᠠᠷᠪᠤᠯᠲᠠ ᠶᠢᠨ ᠲᠠᠯᠠᠪᠠᠢ ᠵᠢᠴᠢ 3700  ᠮᠧᠲᠷ ᠤᠷᠲᠤ ᠦᠷᠬᠦᠯᠵᠢᠯᠡᠭᠰᠡᠨ ᠵᠤᠬᠢᠶᠠᠮᠠᠯ ᠴᠠᠰᠤᠨ ᠤ ᠤᠰᠤ ᠴᠠᠬᠢᠯᠭᠠᠨ ᠤ ᠰᠢᠰᠲ᠋ᠧᠮ᠂ ᠯᠠᠳᠠᠬᠤ ᠭᠡᠷ᠂ ᠴᠢᠳᠠᠮᠵᠢᠲᠦ ᠬᠡᠷᠡᠭᠯᠡᠭᠡᠨ ᠤ ᠦᠷᠦᠭᠡ᠂ ᠰᠣᠨᠢᠨ ᠮᠡᠳᠡᠭᠡᠨ ᠤ ᠲᠥᠪ᠂ ᠲᠠᠮᠢᠷᠴᠢᠳ ᠤᠨ ᠬᠤᠨᠤᠬᠤ ᠦᠷᠦᠭᠡ ᠶᠢ ᠪᠠᠶᠢᠭᠤᠯᠵᠤ᠂ ᠨᠡᠶᠢᠲᠡ 1400 ᠲᠦᠮᠡᠨ ᠲᠦᠭᠦᠷᠢᠭ ᠤᠨ ᠪᠡᠯᠡ ᠮᠦᠩᠭᠦ ᠵᠠᠷᠤᠴᠠᠭᠤᠯᠵᠤ᠂ ᠣᠯᠠᠨ ᠣᠯᠣᠰ ᠤᠨ ᠪᠠ ᠣᠯᠣᠰ ᠤᠨ ᠳᠣᠲᠤᠭᠠᠳᠤ ᠶᠢᠨ ᠡᠪᠦᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠬᠤᠶᠠᠷ ᠲᠦᠷᠦᠯ ᠵᠢᠴᠢ ᠬᠡᠭᠡᠷᠡᠯᠡᠨ ᠴᠠᠨᠠᠯᠠᠬᠤ᠂ ᠴᠢᠷᠭ᠎ᠠ ᠶᠢᠨ ᠤᠷᠤᠯᠳᠤᠭᠠᠨ ᠢ ᠡᠷᠬᠢᠯᠡᠬᠦ ᠪᠠᠷᠢᠮᠵᠢᠶ᠎ᠠ ᠳᠤ ᠬᠦᠷᠥᠭᠰᠡᠨ ᠲᠠᠯᠠᠪᠠᠢ ᠶᠢ ᠪᠠᠶᠢᠭᠤᠯᠪᠠ᠃ ᠲᠤᠰ ᠰᠠᠭᠤᠷᠢᠨ ᠨᠢ ᠪᠠᠰᠠ ᠥᠪᠥᠷ ᠮᠤᠩᠭᠤᠯ ᠤᠨ ᠴᠠᠰᠤᠨ ᠲᠡᠭᠡᠷᠡᠬᠢ ᠤᠷᠤᠯᠳᠤᠭᠠᠨ ᠤ ᠲᠥᠷᠥᠯ ᠤᠨ ᠰᠤᠷᠢᠭ᠎ᠠ ᠪᠤᠯᠪᠠᠰᠤᠷᠠᠯ ᠤᠨ ᠰᠠᠭᠤᠷᠢᠨ ᠤ ᠬᠤᠭᠤᠰᠤᠨ ᠢ ᠨᠥᠬᠦᠪᠤᠷᠢᠯᠡᠵᠥ᠂ ᠪᠥᠬᠦ ᠤᠯᠤᠰ ᠤᠨ ᠴᠤᠷ ᠤᠨ ᠭᠠᠭᠴᠠ ᠡᠪᠤᠯ ᠤᠨ ᠤᠯᠠᠷᠢᠯ ᠤᠨ ᠬᠤᠶᠠᠷ ᠲᠥᠷᠥᠯ ᠤᠨ ᠤᠷᠤᠯᠳᠤᠭᠠᠨ ᠪᠠ ᠬᠡᠬᠡᠷᠡᠯᠡᠨ ᠴᠠᠨᠠᠯᠠᠬᠤ ᠤᠷᠤᠯᠳᠤᠭᠠᠨ᠂ ᠰᠤᠷᠢᠭ᠎ᠠ ᠪᠤᠯᠪᠠᠰᠤᠷᠠᠯ ᠢ ᠡᠪᠦᠯ ᠤᠨ ᠤᠯᠠᠷᠢᠯ ᠳᠤ ᠥᠷᠨᠢᠬᠦᠯᠵᠤ ᠪᠤᠯᠬᠤ ᠲᠠᠯᠠᠪᠠᠢ ᠪᠤᠯᠵᠡᠢ᠃ 

ᠲᠤᠮᠤ ᠬᠡᠯᠪᠡᠷᠢ ᠶᠢᠨ ᠤᠷᠤᠯᠳᠤᠭᠠᠨ ᠪᠤᠯ ᠤᠷ᠎ᠠ ᠠᠪᠢᠶᠠᠰ ᠢᠶᠠᠨ ᠲᠡᠯᠭᠡᠨ ᠥᠵᠡᠬᠦᠯᠬᠦ ᠲᠡᠪᠴᠠᠩ᠂ ᠪᠠᠰᠠ ᠴᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠰᠤᠷᠢᠭ᠎ᠠ ᠪᠤᠯᠪᠠᠰᠤᠷᠠᠯ ᠢᠶᠠᠨ ᠴᠢᠩᠭᠠᠳᠬᠠᠬᠤ ᠰᠠᠶᠢᠨ ᠵᠠᠪᠰᠢᠶᠠᠨ ᠪᠤᠯᠬᠤ ᠶᠤᠮ᠃ ᠶᠠᠭᠰᠢ ᠬᠤᠲᠠ ᠨᠢᠭᠡᠨᠲᠡ ᠲᠠᠷᠠᠭᠠᠯᠠᠨ 15 ᠬᠤᠭᠤᠴᠠᠭ᠎ᠠ ᠬᠦᠯᠦᠨ ᠪᠤᠶᠢᠷ ᠤᠨ ᠮᠦᠰᠦ ᠴᠠᠰᠤᠨ ᠤ ᠵᠢᠭᠤᠯᠴᠢᠯᠠᠯ ᠤᠨ ᠨᠠᠶᠢᠷ ᠵᠢᠴᠢ ᠣᠯᠠᠨ ᠣᠯᠣᠰ ᠤᠨ ᠴᠠᠨᠠᠯᠠᠯᠳᠠ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠲᠤᠮᠤ ᠬᠡᠯᠪᠡᠷᠢ ᠶᠢᠨ ᠤᠷᠤᠯᠳᠤᠭᠠᠨ ᠨᠤᠭᠤᠳ ᠢ ᠤᠷᠢᠳ ᠬᠤᠵᠢᠳ 30 ᠭᠠᠷᠤᠢ ᠤᠳᠠᠭ᠎ᠠ ᠡᠷᠬᠢᠯᠡᠨ ᠶᠠᠪᠤᠬᠳᠠᠭᠤᠯᠵᠥ᠂ ᠨᠤᠷᠸᠠᠢ᠂ ᠺᠠᠨᠠᠳᠠ᠂ ᠠᠮᠧᠷᠢᠺᠠ᠂ ᠤᠷᠤᠰ ᠵᠡᠷᠭᠡ ᠣᠯᠣᠰ ᠣᠷᠣᠨ ᠤ ᠲᠠᠮᠢᠷᠴᠢᠳ ᠤᠨ ᠠᠩᠬᠠᠷᠤᠯ ᠢ ᠲᠠᠲᠠᠵᠥ᠂ ᠮᠥᠰᠤ ᠴᠠᠰᠤᠨ ᠤ ᠲᠠᠮᠢᠷ ᠤᠨ ᠴᠤᠬᠯᠠᠭᠠᠨ ᠤ ᠨᠡᠷ᠎ᠠ ᠨᠥᠯᠥᠬᠡ ᠪᠠᠨ ᠥᠷᠭᠡᠳᠭᠡᠭᠰᠡᠨ ᠪᠠᠶᠢᠨ᠎ᠠ᠃ 

— ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠰᠠᠶᠢᠳᠤᠷ ᠪᠠᠲᠤᠯᠠᠭ᠎ᠠ ᠬᠠᠩᠭᠠᠬᠤ ᠶᠢᠨ ᠲᠤᠰᠠᠳᠠ᠂ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠥ ᠪᠠᠷ ᠥᠪᠡᠷ ᠤᠨ ᠡᠭᠦᠷᠭᠡ ᠬᠠᠷᠢᠭᠤᠴᠠᠯᠭ᠎ᠠ ᠶᠣᠰᠤᠭᠠᠷ ᠠᠵᠢᠯ ᠢᠶᠠᠨ ᠬᠤᠪᠢᠶᠠᠷᠢᠯᠠᠬᠤ᠂ ᠬᠠᠷᠢᠭᠤᠴᠠᠯᠭ᠎ᠠ ᠶᠢᠨ ᠣᠷᠣᠨ ᠲᠤᠭᠤᠷᠢᠭ ᠲᠠᠭᠠᠨ ᠨᠠᠶᠢᠳᠠᠪᠤᠷᠢᠵᠢᠭᠤᠯᠬᠤ᠂ ᠠᠵᠢᠯ ᠤᠨ ᠠᠯᠬᠤᠮ ᠳᠠᠷᠠᠭ᠎ᠠ ᠪᠠᠨ ᠬᠥᠨᠵᠡᠬᠡᠢ ᠣᠶᠢᠯᠠ ᠲᠭᠠᠬᠤ ᠵᠡᠷᠭᠡ ᠪᠠᠷ ᠤᠷᠢᠳᠴᠢᠯᠠᠨ ᠪᠣᠯᠪᠠᠰᠤᠷᠠᠯ ᠢᠶᠠᠨ ᠴᠢᠩᠭᠠᠳᠬᠠᠵᠥ ᠪᠣᠢ ᠭᠡᠵᠦ ᠶᠠᠭᠰᠢ ᠬᠤᠲᠠ ᠶᠢᠨ ᠰᠣᠶᠣᠯ ᠪᠡᠶ᠎ᠠ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠸᠧᠨ ᠵᠥᠩ ᠲᠠᠨᠢᠯᠴᠠᠭᠤᠯᠵᠥ ᠪᠢᠯᠠ᠃( ᠲᠠᠷᠬᠠᠨ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ