8 ᠰᠠᠷ᠎ᠠ ᠶᠢᠨ 3 ᠤ ᠡᠳᠦᠷ᠂ ᠣᠷᠳᠣᠰ ᠬᠤᠳᠠ ᠶᠢᠨ ᠰᠣᠶᠣᠯ ᠵᠢᠭᠤᠯᠴᠢᠯᠠᠯ ᠤᠨ ᠳᠣᠪᠴᠢᠶ᠎ᠠ᠂ ᠥᠣᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠬ ᠤᠨ ᠣᠷᠳᠣᠨ᠂ ᠥᠣᠰᠢᠨ ᠬᠤᠰᠢᠭᠤᠨ ᠤ ᠴᠠᠭᠠᠨ ᠰᠥᠯᠳᠡ ᠠᠮᠢ ᠠᠬᠤᠢ ᠵᠢᠭᠤᠯᠴᠢᠯᠠᠯ ᠤᠨ ᠬᠢᠵᠠᠭᠠᠷᠳᠣ ᠺᠣᠮᠫᠠᠨᠢ ᠵᠡᠷᠬᠡ ᠨᠢᠬᠡᠴᠢ ᠠᠴᠠ ᠬᠠᠮᠳᠣᠷᠠᠨ ᠡᠷᠬᠢᠯᠡᠭᠰᠡᠨ᠂ ᠰᠢᠨ᠎ᠠ ᠳᠣᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠷᠪᠠᠨ ᠬᠤᠶᠠᠳᠣᠭᠠᠷ ᠬᠤᠭᠤᠴᠠᠭᠠᠨ ᠤ ᠣᠷᠳᠣᠰ ᠮᠣᠩᠭᠤᠯᠴᠣᠳ ᠤᠨ ᠶᠣᠰᠣ ᠰᠣᠷᠳᠠᠬᠤᠨ ᠵᠠᠩ ᠥᠢᠯᠡ ᠵᠢᠭᠤᠯᠴᠢᠯᠠᠯ ᠤᠨ ᠴᠣᠬᠯᠠᠭᠠᠨ ᠠᠷᠪᠠᠨ ᠭᠤᠷᠪᠠᠳᠣᠭᠠᠷ ᠬᠤᠭᠤᠴᠠᠭᠠᠨ ᠤ ᠴᠠᠭᠠᠨ ᠰᠥᠯᠳᠡ ᠶᠢᠨ ᠨᠠᠭᠠᠳᠣᠮ ᠵᠢᠴᠢ ᠠᠩᠬᠠᠳᠣᠭᠠᠷ ᠬᠤᠭᠤᠴᠠᠭᠠᠨ ᠤ 《ᠥᠣᠰᠢᠨ ᠠᠳᠣᠭᠤ》 ᠵᠢᠷᠤᠭ᠎ᠠ ᠮᠣᠷᠢᠨ ᠤ ᠣᠷᠣᠯᠳᠣᠭᠠᠨ ᠥᠣᠰᠢᠨ ᠬᠤᠰᠢᠭᠤᠨ ᠤ ᠴᠠᠭᠠᠨ ᠰᠥᠯᠳᠡ ᠠᠮᠢ ᠠᠬᠤᠢ ᠵᠢᠭᠤᠯᠴᠢᠯᠠᠯ ᠤᠨ ᠣᠷᠣᠨ ᠳᠤ ᠡᠬᠢᠯᠡᠪᠡ᠃ ᠹᠷᠠᠨᠼᠢ᠂ ᠫᠠᠯᠧᠰᠲ᠋ᠠᠶᠢᠨ ᠵᠡᠷᠬᠡ ᠤᠯᠤᠰ ᠪᠠ ᠪᠡᠬᠡᠵᠢᠩ᠂ ᠲᠢᠶᠠᠨᠵᠢᠨ᠂ ᠲᠡᠮᠡᠬᠡᠳᠣ᠂ ᠢᠷᠭᠠᠢ᠂ ᠥᠬᠠᠢ ᠵᠡᠷᠬᠡ ᠭᠠᠵᠠᠷ ᠤᠨ ᠵᠢᠭᠤᠯᠴᠢᠯᠠᠭᠰᠠᠳ ᠵᠡᠷᠬᠡ ᠬᠡᠳᠣᠨ ᠳᠥᠮᠡᠨ ᠬᠥᠮᠥᠨ ᠣᠷᠣᠯᠴᠠᠪᠠ᠃

ᠲᠤᠰ ᠤᠳᠠᠭᠠᠨ ᠤ ᠠᠵᠢᠯᠯᠠᠭ᠎ᠠ ᠨᠢ ᠬᠤᠰᠢᠭᠤᠨ ᠤ ᠣᠯᠠᠭᠠᠨᠮᠦ᠋ᠴᠢᠷ ᠤᠨ ᠳᠣᠬᠯᠠᠬᠰᠠᠨ 《ᠬᠥᠭᠵᠢᠶᠡᠨᠳᠥ ᠲᠠᠯ᠎ᠠ ᠨᠣᠳᠤᠬ》 ᠬᠡᠬᠦ ᠭᠤᠶᠢᠳᠠ ᠰᠠᠶᠢᠬᠠᠨ ᠮᠣᠷᠢᠨ ᠬᠤᠭᠤᠷ ᠤᠨ ᠠᠶᠠᠰ ᠳᠣᠮᠳᠠ ᠡᠬᠢᠯᠠᠯᠳᠠ ᠶᠢᠨ ᠬᠥᠰᠢᠬᠡ ᠪᠠᠨ ᠢᠷᠠᠵᠣ᠂ ᠵᠠᠯᠭᠠᠭᠠᠳ ᠲᠠᠭᠤᠴᠢᠨ ᠰᠠᠴᠡᠨᠳᠡᠨ᠎ᠠ᠂ ᠠᠯᠳ᠋ᠬᠠᠠᠭᠤᠯᠠ ᠨᠠᠷ ᠠᠴᠠ ᠠᠶ᠎ᠠ ᠲᠠᠭᠤᠣ ᠡᠷᠬᠦᠵᠣ᠂ ᠥᠪᠣᠷ ᠮᠣᠩᠭᠤᠯ᠂ ᠱᠠᠨᠰᠢ᠂ ᠨᠢᠩᠰᠢᠶᠠ ᠶᠢᠨ ᠨᠠᠰᠣᠳᠠᠶᠢᠴᠣᠳ ᠤᠨ ᠣᠷᠠᠯᠢᠬ ᠤᠨ ᠠᠩᠬᠢ ᠠᠴᠠ ᠥᠵᠡᠬᠦᠯᠬᠡ ᠶᠢᠨ ᠳᠣᠬᠯᠠᠯᠳᠠ ᠭᠠᠷᠭᠠᠵᠣ᠂ ᠬᠤᠯᠠ ᠥᠢᠷ᠎ᠠ ᠠᠴᠠ ᠬᠥᠷᠥᠯᠴᠡᠨ ᠢᠷᠡᠭᠰᠡᠨ ᠦᠷᠭᠡᠨ ᠤᠯᠠᠨ ᠵᠢᠭᠤᠯᠴᠢᠯᠠᠭᠰᠠᠳ ᠢ ᠪᠠᠶᠠᠰᠬᠠᠪᠠ᠃

ᠳᠣᠰ ᠨᠠᠭᠠᠳᠤᠮ ᠭᠤᠷᠪᠠᠨ ᠡᠳᠣᠷ ᠶᠠᠪᠣᠬᠳᠠᠵᠣ᠂ ᠣᠯᠣᠰ ᠤᠨ ᠲᠠᠰ ᠤᠨ ᠪᠣᠳᠠᠰ ᠤᠨ ᠪᠣᠰᠣ ᠰᠣᠶᠣᠯ ᠤᠨ ᠥᠪ ᠪᠣᠯᠣᠬᠰᠠᠨ 《ᠴᠠᠭᠠᠨ ᠰᠥᠯᠳᠡ ᠶᠢᠨ ᠲᠠᠬᠢᠯᠭ᠎ᠠ》᠂ ᠳᠣᠮᠳᠠᠳᠣ ᠣᠯᠣᠰ᠂ ᠹᠷᠠᠨᠼᠢ᠂ ᠫᠠᠯᠧᠰᠲ᠋ᠠᠶᠢᠨ ᠣᠯᠣᠰ ᠤᠨ ᠰᠢᠷᠠᠬᠰᠠᠨ ᠪᠥᠬᠦᠯᠢ ᠥᠬᠡᠷ ᠤᠨ ᠮᠢᠬ᠎ᠠ ᠶᠢ ᠥᠨ᠎ᠠ ᠳᠥᠯᠥᠪᠥᠷᠢ ᠥᠬᠡᠢ ᠪᠠᠷ ᠠᠮᠳᠠᠯᠠᠭᠤᠯᠬᠤ᠂ ᠵᠢᠷᠤᠭ᠎ᠠ ᠮᠣᠷᠢᠨ ᠤ ᠣᠷᠣᠯᠳᠣᠭᠠᠨ᠂ ᠬᠤᠷᠳᠣᠨ ᠮᠣᠷᠢᠨ ᠤ ᠣᠷᠣᠯᠳᠣᠭᠠᠨ᠂ ᠪᠥᠬᠡ ᠪᠠᠷᠢᠯᠳᠣᠬᠤ᠂ ᠤᠯᠠᠮᠵᠢᠯᠠᠯᠳᠤ ᠬᠠᠷᠪᠤᠭ᠎ᠠ ᠶᠢᠨ ᠤᠷᠤᠯᠳᠤᠭᠠᠨ᠂ ᠣᠷᠳᠣᠰ ᠪᠥᠬᠡ ᠪᠠᠷᠢᠯᠳᠣᠬᠤ᠂ ᠥᠣᠰᠢᠨ ᠠᠳᠤᠭᠤ ᠶᠢ ᠰᠡᠬᠦᠳᠡᠷᠯᠡᠬᠦ ᠬᠡᠷᠡᠯ ᠵᠢᠷᠤᠬ ᠤᠨ ᠮᠥᠷᠦ᠋ᠢᠴᠡᠬᠡᠨ᠂ ᠥᠣᠰᠢᠨ ᠠᠳᠤᠭᠤᠨ ᠤ ᠬᠡᠣᠬᠡᠳ ᠤᠨ ᠣᠷᠠᠠ ᠵᠢᠷᠤᠬ ᠤᠨ ᠥᠵᠡᠬᠦᠯᠬᠡ᠂ ᠥᠣᠰᠢᠨ ᠡᠳ᠋ᠯᠠᠯ ᠬᠡᠷᠡᠭᠰᠡᠯ ᠪᠠ ᠭᠠᠷ ᠣᠷᠠᠯᠠᠯ ᠤᠨ ᠪᠦᠲᠦᠭᠡᠭᠳᠡᠬᠦᠨ ᠢ ᠲᠡᠯᠬᠡᠨ ᠥᠵᠡᠬᠦᠯᠵᠣ ᠪᠣᠷᠣᠯᠠᠭᠤᠯᠬᠤ ᠵᠡᠷᠬᠡ ᠡᠯᠪᠡᠭ ᠪᠠᠶᠠᠯᠢᠬ ᠠᠭᠤᠯᠭ᠎ᠠ ᠲᠠᠢ ᠠᠵᠢᠯᠯᠠᠭ᠎ᠠ ᠳᠣᠬᠢᠷᠠᠭᠤᠯᠵᠣ᠂ ᠬᠤᠯᠠ ᠥᠢᠷ᠎ᠠ ᠶᠢᠨ ᠵᠢᠭᠤᠯᠴᠢᠯᠠᠭᠰᠠᠳ ᠲᠤ ᠥᠣᠰᠢᠨ ᠨᠣᠳᠤᠬ ᠤᠨ ᠵᠢᠭᠤᠯᠴᠢᠯᠠᠯ ᠤᠨ ᠡᠬᠢ ᠪᠠᠶᠠᠯᠢᠬ ᠢ ᠲᠠᠨᠢᠭᠤᠯᠵᠣ᠂ ᠥᠣᠰᠢᠨ ᠬᠤᠰᠢᠭᠤᠨ ᠤ ᠨᠠᠷ᠎ᠠ ᠠᠯᠳᠠᠷᠰᠢᠯ ᠢ ᠣᠯᠠᠮ ᠠᠯᠳᠠᠷᠰᠢᠭᠤᠯᠬᠤ ᠶᠢ ᠵᠣᠷᠢᠪᠠ᠃(ᠡᠷᠳᠡᠨᠢᠵᠢᠷᠭᠠᠯ ᠦᠯᠵᠠᠢ᠌ᠢᠪᠤᠶᠠᠨ ᠬᠦᠪᠴᠢᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ