ᠤᠢᠢᠷ᠎ᠠ ᠶᠢᠨ ᠡᠳᠦᠷ ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠣᠯᠠᠨ ᠣᠯᠣᠰ ᠤᠨ ᠠᠳᠣᠭᠤᠨ ᠰᠣᠶᠣᠯ ᠤᠨ ᠦᠵᠡᠰᠭᠦᠯᠡᠩ ᠤᠨ ᠴᠣᠭᠯᠠᠭᠠᠨ ᠤ ᠵᠢᠷᠭᠤᠳᠣᠭᠠᠷ ᠬᠤᠭᠤᠴᠠᠭᠠᠨ ᠤ ᠦᠪᠦᠷ ᠮᠣᠩᠭᠤᠯ  ᠤᠨ ᠣᠯᠠᠨ ᠣᠯᠣᠰ ᠤᠨ  ᠮᠣᠷᠢᠨ ᠮᠡᠷᠭᠡᠵᠢᠯ ᠤᠨ  ᠨᠠᠶᠢᠷ ᠤᠨ ᠬᠦᠬᠡᠬᠤᠲᠠ ᠦᠷᠲᠡᠭᠡ ᠳᠠᠬᠢ ᠣᠷᠣᠯᠳᠣᠭᠠᠨ ᠣᠦ ᠸᠧᠢ ᠮᠧᠩ ᠶᠤᠸᠠᠨ ᠠᠳᠣᠭᠤᠨ ᠰᠣᠶᠤᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ ᠡᠬᠢᠯᠡᠪᠡ᠃

ᠵᠢᠷᠭᠤᠳᠣᠭᠠᠷ ᠬᠤᠭᠤᠴᠠᠭᠠᠨ ᠤ ᠦᠪᠦᠷ ᠮᠣᠩᠭᠤᠯ ᠤᠨ ᠣᠯᠠᠨ ᠣᠯᠣᠰ ᠤᠨ ᠮᠣᠷᠢᠨ ᠮᠡᠷᠭᠡᠵᠢᠯ ᠤᠨ ᠨᠠᠶᠢᠷ ᠤᠨ ᠰᠢᠷᠢᠰ ᠠᠵᠢᠯᠯᠠᠭ᠎ᠠ ᠶᠢᠨ ᠬᠦᠬᠡᠬᠤᠲᠠ ᠦᠷᠲᠡᠭᠡ ᠳᠠᠬᠢ ᠤᠷᠤᠯᠳᠤᠭᠠᠨ ᠳᠤ ᠲᠦᠩᠯᠢᠶᠣᠦ ᠬᠤᠲᠠ᠂ ᠣᠯᠠᠭᠠᠨᠴᠠᠪ ᠬᠤᠲᠠ᠂ ᠬᠢᠩᠭᠠᠨ ᠠᠶᠢᠮᠠᠭ ᠵᠢᠴᠢ ᠮᠣᠩᠭᠤᠯ ᠣᠯᠣᠰ ᠠᠴᠠ ᠬᠦᠷᠦᠯᠴᠡᠨ ᠢᠷᠡᠭᠰᠡᠨ 20 ᠲᠦᠯᠦᠭᠡᠯᠡᠭᠴᠢ ᠶᠢᠨ ᠠᠩᠬᠢ ᠤᠷᠤᠯᠴᠠᠵᠠᠢ᠃ ᠲᠣᠰ ᠡᠳᠦᠷ ᠴᠡᠪᠡᠷ ᠴᠢᠰᠣᠨ ᠤ ᠪᠦᠳᠦᠭᠦᠨ ᠮᠣᠷᠢᠨ ᠤ 1000  ᠮᠧᠲᠷ᠂ ᠮᠣᠩᠭᠤᠯ ᠮᠣᠷᠢᠨ ᠤ 1000 ᠮᠧᠲᠷ᠂ ᠮᠣᠩᠭᠤᠯ ᠮᠣᠷᠢᠨ ᠤ 2000  ᠮᠧᠲᠷ ᠵᠡᠷᠭᠡ 4 ᠲᠠᠯᠠᠪᠠᠢ ᠬᠤᠷᠳᠣᠨ ᠮᠣᠷᠢᠨ ᠤ ᠣᠷᠣᠯᠳᠣᠭᠠᠨ ᠪᠠ 1 ᠲᠠᠯᠠᠪᠠᠢ ᠦᠵᠡᠭᠦᠯᠭᠡ ᠶᠢᠨ ᠣᠷᠣᠯᠳᠣᠭᠠᠨ ᠠᠮᠵᠢᠯᠲᠠ ᠲᠠᠢ ᠶᠠᠪᠣᠭᠳᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠣᠷᠣᠯᠳᠣᠭᠠᠨ ᠤ ᠲᠦᠩᠯᠢᠶᠣᠦ ᠦᠷᠲᠡᠭᠡ ᠪᠠ ᠰᠢᠯᠢᠩᠬᠤᠲᠠ‌ᠦᠷᠲᠡᠭᠡ ᠶᠢᠨ ᠣᠷᠣᠯᠳᠣᠭᠠᠨ ᠵᠡᠷᠭᠡ ᠪᠠᠷ ᠶᠠᠪᠣᠭᠳᠠᠪᠠ᠃ ᠵᠢᠷᠭᠤᠳᠣᠭᠠᠷ ᠬᠤᠭᠤᠴᠠᠭᠠᠨ ᠤ ᠦᠪᠦᠷ ᠮᠣᠩᠭᠤᠯ ᠤᠨ ᠣᠯᠠᠨ ᠣᠯᠣᠰ ᠤᠨ ᠮᠣᠷᠢᠨ ᠮᠡᠷᠭᠡᠵᠢᠯ ᠤᠨ ᠨᠠᠶᠢᠷ ᠨᠢ 6 — 10 ᠰᠠᠷ᠎ᠠ ᠬᠦᠷᠲᠡᠯ᠎ᠡ ᠪᠦᠬᠦ ᠣᠷᠣᠨ ᠤ 11 ᠠᠶᠢᠮᠠᠭ ᠬᠤᠲᠠ ᠳᠤ ᠬᠤᠪᠢᠶᠠᠷᠢ ᠦᠷᠲᠡᠭᠡ ᠶᠢᠨ ᠣᠷᠣᠯᠳᠣᠭᠠᠨ ᠪᠠ ᠣᠷᠢᠯᠭ᠎ᠠ ᠶᠢᠨ ᠣᠷᠣᠯᠳᠣᠭᠠᠨ ᠶᠠᠪᠣᠭᠳᠠᠭᠤᠯᠵᠤ᠂ ᠰᠢᠢᠳᠪᠣᠷᠢᠲᠣ ᠣᠷᠣᠯᠳᠣᠭᠠᠨ ᠨᠢ ᠬᠦᠬᠡᠬᠤᠲᠠ ᠳᠤ ᠣᠷᠣᠯᠳᠣᠬᠤ ᠪᠠᠷ ᠪᠣᠢ᠃( ᠲᠠᠷᠬᠠᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ