b940e21c-ea94-4b44-9cd8-37f6a79cb67c.jpg

ᠬᠤᠶᠠᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ 8 ᠰᠠᠷ᠎ᠠ ᠶᠢᠨ 18 ᠤ ᠡᠳᠦᠷ ᠱᠠᠨ ᠰᠢ ᠮᠤᠵᠢ ᠶᠢᠨ ᠲᠠᠶᠢᠶᠤᠸᠠᠨ ᠳᠤ ᠬᠠᠭᠠᠯᠲᠠ ᠪᠠᠨ ᠬᠢᠪᠡ᠃ ᠰᠤᠷᠪᠤᠯᠵᠢᠯᠠᠬᠴᠢ ᠦᠪᠦᠷ ᠮᠤᠩ᠋ᠭᠤᠯ ᠤᠨ ᠪᠡᠶ᠎ᠡ ᠶᠢᠨ ᠲᠠᠮᠢᠷ ᠤᠨ ᠲᠤᠪᠴᠢᠶᠠᠨ ᠡᠴᠡ ᠤᠶᠢᠯᠠᠭᠠᠬᠰᠠᠨ ᠢᠶᠡᠷ ᠦᠪᠦᠷ ᠮᠤᠩ᠋ᠭᠤᠯ ᠤᠨ ᠪᠠᠬ ᠲᠤᠰ ᠤᠳᠠᠭᠠᠨ ᠤ ᠴᠤᠬᠯᠠᠭᠠᠨ  ᠳᠤ 35 ᠠᠯᠲᠠ᠂ 39 ᠮᠦᠩᠬᠦ᠂ 68 ᠬᠦᠷᠡᠯ ᠮᠸᠳ᠋ᠠᠯ ᠠᠪᠴᠠᠢ᠃

ᠤᠶᠢᠯᠠᠭᠠᠬᠰᠠᠨ ᠢᠶᠡᠷ᠂ ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠴᠤᠬᠯᠠᠭᠠᠨ ᠨᠢ ᠤᠷᠤᠯᠳᠤᠭᠠᠨ ᠤ ᠲᠦᠷᠦᠯ᠂ ᠵᠤᠬᠢᠶᠠᠨ ᠪᠠᠶᠢᠭᠤᠯᠤᠬᠰᠠᠨ ᠴᠠᠬ᠂ ᠤᠷᠤᠯᠴᠠᠬᠰᠠᠨ ᠬᠦᠮᠦᠰ ᠤᠨ ᠬᠡᠪᠴᠢᠶ᠎ᠡ ᠵᠡᠷᠭᠡ ᠪᠡᠷ ᠢᠶᠠᠨ ᠪᠦᠷ ᠤᠯᠠᠨ ᠳᠡᠮᠳᠡᠭᠯᠡᠯ ᠢ ᠰᠢᠨᠡᠳᠬᠡᠭ᠍ᠰᠡᠨ ᠪᠠᠶᠢᠨ᠎ᠠ᠃ ᠲᠤᠰ ᠤᠳᠠᠭᠠᠨ ᠤ ᠴᠤᠬᠯᠠᠭᠠᠨ ᠨᠢ ᠨᠡᠶᠢᠲᠡ 49 ᠤᠷᠤᠯᠳᠤᠭᠠᠨ ᠤ ᠲᠦᠷᠦᠯ ᠢ ᠲᠤᠬᠢᠷᠠᠭᠤᠯᠵᠦ᠂ ᠤᠷᠤᠯᠳᠤᠭᠠᠨ ᠡᠬᠢᠯᠡᠭᠰᠡᠨ ᠡᠴᠡ ᠨᠠᠰᠢ 8 ᠰᠠᠷ᠎ᠠ ᠭᠠᠷᠤᠢ ᠦᠷᠭᠦᠯᠵᠢᠯᠡᠨ᠂ ᠨᠡᠶᠢᠲᠡ 3.3 ᠲᠦᠮᠡᠨ ᠬᠦᠮᠦᠨ ᠤᠷᠤᠯᠴᠠᠵᠠᠢ᠃ ᠦᠪᠦᠷ ᠮᠤᠩ᠋ᠭᠤᠯ ᠤᠨ ᠲᠦᠯᠦᠭᠡᠯᠡᠬᠦ ᠪᠠᠬ ᠤᠨ ᠬᠢᠨ 39 ᠲᠦᠷᠦᠯ ᠤᠨ ᠲᠡᠮᠡᠴᠡᠭᠡᠨ ᠳᠤ ᠦᠷᠢᠰᠦᠯᠳᠦᠵᠦ᠂ ᠨᠡᠶᠢᠭᠡᠮ ᠤᠨ ᠺᠠᠯᠦ᠋ᠪ ᠤᠨ ᠪᠠᠬ ᠤᠨ ᠬᠢᠨ 26 ᠲᠦᠷᠦᠯ ᠳᠤ ᠦᠷᠢᠰᠦᠯᠳᠦᠨ᠂ ᠨᠡᠶᠢᠲᠡ 942 ᠲᠠᠮᠢᠷᠴᠢᠨ ᠰᠢᠢᠳᠪᠦᠷᠢᠲᠤ ᠲᠡᠮᠡᠴᠡᠭᠡᠨ ᠳᠤ ᠤᠷᠤᠯᠴᠠᠬᠤ ᠡᠷᠬᠡ ᠵᠢ ᠤᠯᠵᠦ᠂ ᠡᠴᠦᠰ ᠲᠤ 35 ᠠᠯᠲᠠ᠂ 39 ᠮᠦᠩᠬᠦ᠂ 68 ᠬᠦᠷᠡᠯ ᠮᠸᠳ᠋ᠠᠯ ᠠᠪᠴᠠᠢ᠃

ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ