21 ᠤ᠋ ᠡᠳᠦᠷ᠂ 2019•《ᠨᠢᠭᠡ ᠪᠦᠰᠡ ᠨᠢᠭᠡ ᠵᠠᠮ》ᠥᠪᠥᠷ ᠮᠣᠩᠭᠣᠯ ᠤᠨ ᠬᠤᠷᠳᠤᠨ ᠮᠣᠷᠢᠨ ᠤ ᠤᠷᠤᠯᠳᠤᠭᠠᠨ ᠥᠪᠥᠷ ᠮᠣᠩᠭᠣᠯ ᠤᠨ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠰᠣᠶᠣᠯ ᠲᠠᠮᠢᠷ ᠤᠨ ᠬᠥᠳᠡᠯᠭᠡᠭᠡᠨ ᠦ ᠲᠥᠪ ᠲᠦ ᠡᠬᠢᠯᠡᠪᠡ᠃

ᠤᠷᠤᠯᠳᠤᠭᠠᠨ ᠨᠢ ᠤᠯᠤᠰ ᠤ᠋ᠨ ᠳᠣᠲᠤᠭᠠᠳᠤ ᠶ᠋ᠢᠨ ᠴᠡᠪᠡᠷ ᠴᠢᠰᠤᠨ ᠤᠳᠤᠮ ᠤ᠋ᠨ ᠮᠣᠷᠢᠨ ᠤ 1200 ᠮᠧᠲ᠋ᠷ᠂ ᠨᠠᠰᠤᠨ ᠳᠤ ᠬᠦᠷᠦᠭᠰᠡᠨ ᠮᠣᠷᠢᠨ ᠤ 2750 ᠮᠧᠲ᠋ᠷ ᠪᠠ ᠰᠢᠳᠦᠯᠡᠩ ᠮᠣᠷᠢᠨ ᠤ 2000 ᠮᠧᠲ᠋ᠷ ᠭᠡᠬᠦ ᠭᠤᠷᠪᠠᠨ ᠳᠠᠩ ᠵᠤᠢᠯ ᠳᠦ ᠬᠤᠪᠢᠶᠠᠭᠳᠠᠨ ᠤᠷᠤᠯᠳᠤᠪᠠ᠃ ᠬᠠᠮᠤᠭ ᠤᠨ ᠲᠦᠷᠦᠭᠦᠨ ᠳᠦ ᠶᠠᠪᠤᠭᠳᠠᠭᠰᠠᠨ ᠤᠯᠤᠰ ᠤ᠋ᠨ ᠳᠣᠲᠤᠭᠠᠳᠤ ᠶ᠋ᠢᠨ ᠴᠡᠪᠡᠷ ᠴᠢᠰᠤᠨ ᠤᠳᠤᠮ ᠤ᠋ᠨ ᠮᠣᠷᠢᠨ ᠤ 1200 ᠮᠧᠲ᠋ᠷ ᠦᠨ ᠤᠷᠤᠯᠳᠤᠭᠠᠨ ᠳᠤ ᠰᠡᠯᠡᠩᠭᠡ ᠶᠢᠨ ᠤᠨᠤᠭᠰᠠᠨ ᠮᠣᠷᠢ ᠨᠢ 1 ᠮᠢᠨᠦ᠋ᠲ 14 ᠰᠧᠺᠦ᠋ᠨ᠋ᠳ᠋ ᠦᠨ ᠬᠢᠷᠢ ᠪᠦᠲᠦᠮᠵᠢ ᠪᠡᠷ ᠮᠠᠩᠯᠠᠢᠯᠠᠪᠠ᠃ ᠫᠠᠨ ᠵᠤᠤ ᠬᠤᠸᠠ ᠶ᠋ᠢᠨ ᠮᠣᠷᠢ ᠨᠢ ᠰᠢᠳᠦᠯᠡᠩ ᠮᠣᠷᠢᠨ ᠤ 2000 ᠮᠧᠲ᠋ᠷ ᠦᠨ ᠤᠷᠤᠯᠳᠤᠭᠠᠨ ᠳᠤ ᠮᠠᠩᠯᠠᠢᠯᠠᠪᠠ᠃

2019•《ᠨᠢᠭᠡ ᠪᠦᠰᠡ ᠨᠢᠭᠡ ᠵᠠᠮ》ᠥᠪᠥᠷ ᠮᠣᠩᠭᠣᠯ ᠤᠨ ᠬᠤᠷᠳᠤᠨ ᠮᠣᠷᠢᠨ ᠤ ᠤᠷᠤᠯᠳᠤᠭᠠᠨ ᠪᠣᠯ ᠬᠣᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤ᠋ᠨ ᠠᠳᠤᠭᠤᠨ ᠰᠣᠶᠣᠯ ᠤᠨ ᠨᠠᠢᠷ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠣᠯ ᠤᠨ ᠣᠯᠠᠨ ᠤᠯᠤᠰ  ᠤ᠋ᠨ ᠠᠳᠤᠭᠤᠨ ᠰᠣᠶᠣᠯ ᠤᠨ ᠦᠵᠡᠰᠬᠦᠯᠡᠩ ᠦᠨ ᠴᠤᠭᠯᠠᠭᠠᠨ ᠤ ᠬᠤᠭᠤᠴᠠᠭᠠᠨ ᠳᠤ ᠡᠷᠬᠢᠯᠡᠭᠰᠡᠨ ᠪᠡᠶ᠎ᠡ ᠶᠢᠨ ᠲᠠᠮᠢᠷ ᠤᠨ ᠴᠤᠭᠯᠠᠭᠠᠨ ᠤ ᠨᠢᠭᠡ ᠪᠣᠯᠤᠨ᠎ᠠ᠃ ᠡᠭᠦᠨ ᠡᠴᠡ ᠭᠠᠳᠠᠨ᠎ᠠ ᠪᠠᠰᠠ 21 ᠤ᠋ ᠡᠳᠦᠷ ᠡᠴᠡ 25 ᠤ᠋ ᠡᠳᠦᠷ ᠪᠣᠯᠲᠠᠯ᠎ᠠ 2019•《ᠨᠢᠭᠡ ᠪᠦᠰᠡ ᠨᠢᠭᠡ ᠵᠠᠮ》 ᠮᠣᠷᠢᠨ ᠪᠥᠮᠪᠥᠭᠡ ᠶᠢᠨ ᠢᠯᠡ ᠤᠷᠤᠯᠳᠤᠭᠠᠨ ( ᠥᠪᠥᠷ ᠮᠣᠩᠭᠣᠯ ᠥᠷᠲᠡᠭᠡ) ᠂ 2019•《ᠥᠪᠥᠷ ᠮᠣᠩᠭᠣᠯ ᠤᠨ ᠰᠢᠨ᠎ᠡ ᠬᠤᠨᠳᠠᠭᠠᠲᠤ》ᠮᠣᠷᠢᠨ ᠮᠡᠷᠭᠡᠵᠢᠯ ᠦᠨ ᠲᠠᠯᠠᠪᠤᠷ ᠤᠨ ᠰᠠᠭᠠᠳ ᠳᠠᠪᠠᠬᠤ ᠤᠷᠢᠯᠭ᠎ᠠ ᠶᠢᠨ ᠤᠷᠤᠯᠳᠤᠭᠠᠨ᠂《ᠮᠣᠩᠭᠣᠯ ᠮᠣᠷᠢ》 ᠵᠢᠨ ᠣᠯᠠᠨ ᠤᠯᠤᠰ ᠤ᠋ᠨ ᠮᠣᠷᠢ ᠰᠤᠷᠭᠠᠬᠤ ᠤᠷᠤᠯᠳᠤᠭᠠᠨ ᠢ ᠵᠠᠯᠭᠠᠭ᠎ᠠ ᠪᠠᠷ ᠡᠷᠬᠢᠯᠡᠬᠦ ᠪᠣᠯᠤᠨ᠎ᠠ᠃


ᠢᠷᠡᠯᠳᠡ : 

 ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ