96bf5f50-b99e-449a-805b-147f31e5359c.jpg

20 ᠤ ᠡᠳᠤᠷ᠂ 2019 ᠤᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠤᠮᠪᠠᠯᠳᠠ ᠶᠢᠨ ᠮᠠᠩᠯᠠᠢ ᠰᠢᠯᠭᠠᠷᠠᠭᠤᠯᠬᠤ ᠲᠡᠮᠡᠴᠡᠬᠡᠨ ᠬᠦᠬᠡᠬᠤᠳᠠ ᠳᠤ ᠡᠬᠢᠯᠡᠪᠡ᠃

ᠲᠤᠰ ᠤᠳᠠᠭᠠᠨ ᠤ ᠲᠡᠮᠡᠴᠡᠬᠡᠨ ᠨᠢ 5 ᠡᠳᠤᠷ ᠤᠨ ᠬᠤᠭᠤᠴᠠᠭ᠎ᠠ ᠲᠠᠢ ᠦᠷᠢᠰᠦᠯᠳᠤᠵᠤ᠂ 104 ᠲᠡᠮᠡᠴᠡᠬᠡᠨ ᠤ ᠲᠦᠷᠦᠯ ᠪᠤᠯᠤᠨ 2 ᠪᠠᠭ  ᠤᠨ ᠶᠡᠷᠦᠩᠬᠡᠢ ᠬᠤᠪᠢ ᠶᠢᠨ ᠲᠦᠷᠦᠯ ᠲᠤᠬᠢᠷᠠᠭᠤᠯᠵᠤ᠂ ᠦᠪᠦᠷ ᠮᠤᠩ᠋ᠭᠤᠯ ᠤᠨ 10 ᠠᠶᠢᠮᠠᠭ ᠬᠤᠳᠠ ᠶᠢᠨ 450 ᠲᠠᠮᠢᠷᠴᠢᠨ ᠤᠷᠤᠯᠴᠠᠭᠰᠠᠨ ᠪᠠᠶᠢᠨ᠎ᠠ᠃ ᠲᠡᠮᠡᠴᠡᠬᠡᠨ ᠳᠤ ᠤᠷᠤᠯᠴᠠᠭᠰᠠᠨ ᠲᠠᠮᠢᠷᠴᠢᠨ ᠤ ᠬᠠᠮᠤᠭ ᠤᠨ ᠪᠠᠭ᠎ᠠ ᠨᠢ 6 ᠨᠠᠰᠤᠲᠠᠢ᠂ ᠬᠠᠮᠤᠭ ᠡᠴᠡ ᠶᠡᠬᠡ ᠨᠢ 18 ᠨᠠᠰᠤᠲᠠᠢ᠃

ᠲᠤᠰ ᠲᠡᠮᠡᠴᠡᠬᠡᠨ ᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠪᠤᠯᠤᠨ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠡᠴᠡ ᠡᠷᠬᠢᠯᠡᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠰᠤᠨ ᠤ ᠰᠫᠤᠷᠲ ᠤᠨ ᠬᠠᠮᠢᠶᠠᠷᠤᠯᠳᠠ ᠶᠢᠨ ᠲᠦᠪ ᠡᠴᠡ ᠲᠠᠭᠠᠭᠠᠴᠢᠯᠠᠭᠰᠠᠨ ᠪᠠᠶᠢᠨ᠎ᠠ᠃

abf2329e-c995-4312-8cf2-7bd7baff031c.jpg

afbf32f1-a350-4fb5-b840-9d653bc827c5.jpg

ᠢᠷᠡᠯᠳᠡ : 

ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ