754cb82d-60b0-48d5-bcb1-7e311749f6d0.png

2019 ᠤᠨ ᠤ 8 ᠰᠠᠷ᠎ᠠ ᠶᠢᠨ 23 ᠳᠤ᠂ ᠠᠽᠢᠶ᠎ᠠ ᠶᠢᠨ ᠬᠤᠤᠰ ᠠᠪᠤᠷᠭᠤ ᠬᠤᠷᠠᠭ᠎ᠠ ᠶᠢᠨ ᠱᠤᠭᠤᠮᠠᠯ ᠢ ᠴᠢᠪᠠᠭ᠎ᠠ ᠪᠠᠯᠭᠠᠰᠤᠨ ᠠᠴᠠ ᠠᠪᠤᠷᠭᠤ ᠶᠢᠨ ᠳᠦᠷᠦᠭᠰᠡᠨ ᠨᠤᠳᠤᠭ ᠪᠤᠯᠬᠤ ᠪᠠᠶ᠋ᠬᠠᠦ᠋ᠨᠳᠦᠷ ᠰᠤᠮᠤᠨ ᠤ ᠮᠠᠨᠢᠳᠦ ᠭᠠᠴᠠᠭᠠᠨ ᠳᠤ ᠵᠠᠯᠠᠵᠦ ᠪᠤᠰᠬᠠᠬᠤ ᠶᠤᠰᠤᠯᠠᠯ ᠦᠷᠯᠦᠭᠡ ᠶᠢᠨ 5 ᠴᠠᠭ ᠠᠴᠠ 7 ᠴᠠᠭ ᠤᠨ ᠬᠤᠭᠤᠷᠤᠨᠳᠦ ᠮᠠᠨᠢᠳᠦ ᠭᠠᠴᠠᠭᠠᠨ ᠤ ᠦᠳᠦᠷᠮ᠎ᠠ ᠶᠢᠨ ᠬᠤᠧᠠ ᠳᠡᠭᠡᠷ᠎ᠠ ᠶᠠᠪᠤᠬᠳᠠᠭᠰᠠᠨ ᠪᠠᠶᠢᠨ᠎ᠠ᠃  

29 ᠵᠢᠯ ᠤᠨ ᠡᠮᠦᠨ᠎ᠠ᠂ ᠳᠠᠷᠤᠢ 1990 ᠤᠨ ᠤ ᠪᠡᠭᠡᠵᠢᠩ ᠤᠨ ᠠᠽᠢᠶ᠎ᠠ ᠳᠢᠪ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠰᠤᠩᠭᠤᠳᠠᠭ ᠪᠦᠭᠡ ᠶᠢᠨ 130 ᠺᠢᠯᠦᠭᠷᠡᠮ ᠤᠨ ᠳᠡᠰ ᠤᠨ ᠪᠠᠷᠢᠯᠳᠤᠭᠠᠨ ᠳᠡᠭᠡᠷ᠎ᠠ ᠳᠤᠮᠳᠠᠳᠦ ᠤᠯᠤᠰ ᠢ ᠳᠦᠯᠦᠭᠡᠯᠡᠨ ᠤᠷᠤᠯᠴᠠᠭᠰᠠᠨ ᠬᠤᠷᠠᠭ᠎ᠠ ᠠᠯᠳᠠᠨ ᠮᠧᠳᠠᠯ ᠭᠠᠷᠳᠠᠵᠦ᠂ ᠮᠤᠩᠭᠤᠯ ᠡᠷ᠎ᠠ ᠶᠢᠨ ᠪᠢᠷ᠎ᠠ ᠤᠬᠠᠭᠠᠨ ᠢ ᠭᠠᠶᠢᠬᠠᠭᠤᠯᠵᠦ᠂ ᠳᠤᠮᠳᠠᠳᠦ ᠤᠯᠤᠰ ᠤᠨ ᠠᠩᠬᠢ ᠳᠡᠯᠡᠭᠡᠢ ᠶᠢᠨ ᠭᠡᠪᠴᠢᠶᠠᠨ ᠤ ᠳᠤᠮᠤ ᠤᠷᠤᠯᠳᠤᠭᠠᠨ ᠳᠡᠭᠡᠷ᠎ᠠ ᠰᠤᠩᠭᠤᠳᠠᠭ ᠪᠦᠭᠡ ᠶᠢᠨ ᠠᠯᠳᠠᠨ ᠮᠧᠳᠠᠯ ᠦᠭᠡᠢ ᠪᠠᠶᠢᠭᠰᠠᠨ ᠳᠡᠦᠭᠡ ᠶᠢ ᠡᠴᠦᠰᠯᠡᠬᠦᠯᠦᠭᠰᠡᠨ ᠪᠠᠶᠢᠨ᠎ᠠ᠃

ᠠᠪᠤᠷᠭᠤ ᠮᠠᠨᠢ ᠮᠦᠩᠭᠡ ᠪᠤᠰᠤ ᠶᠢᠷᠳᠢᠨᠴᠤ ᠶᠢᠨ ᠵᠢᠮ᠎ᠠ ᠪᠠᠷ ᠳᠠᠩᠴᠢ ᠡᠷᠳᠡ ᠦᠨᠡᠨ ᠤ ᠭᠠᠵᠠᠷ ᠢᠶᠠᠨ ᠶᠠᠪᠤᠭᠰᠠᠨ ᠪᠤᠯᠪᠠᠴᠤ᠂ ᠤᠯᠤᠰ ᠦᠨᠳᠦᠰᠦᠳᠡᠨ ᠳᠡᠭᠡᠨ ᠠᠪᠴᠢᠷᠠᠭᠰᠠᠨ ᠠᠯᠳᠠᠷ ᠭᠠᠪᠢᠶ᠎ᠠ ᠶᠢ ᠨᠢ ᠠᠷᠠᠳ ᠳᠦᠮᠡᠨ ᠨᠢ ᠴᠠᠭ ᠢᠮᠠᠬᠳᠠ ᠴᠡᠭᠡᠵᠢᠯᠡᠵᠦ ᠶᠠᠪᠤᠳᠠᠭ ᠪᠠᠶᠢᠨ᠎ᠠ᠃ ᠡᠭᠦᠨ ᠤ ᠨᠢᠭᠡ ᠢᠯᠡᠷᠡᠯ ᠨᠢ ᠤᠷᠤᠨ ᠨᠤᠳᠤᠭ ᠤᠨ ᠬᠢᠨ ᠵᠠᠰᠠᠭ ᠤᠨ ᠤᠷᠳᠤᠨ ᠠᠴᠠ ᠠᠪᠤᠷᠭᠤ ᠶᠢᠨ ᠬᠦᠷᠠᠯ ᠱᠤᠭᠤᠮᠠᠯ ᠢ ᠪᠤᠰᠬᠠᠵᠦ ᠦᠭᠬᠦᠭᠰᠡᠨ ᠶᠠᠪᠤᠳᠠᠯ ᠪᠤᠯᠤᠨ᠎ᠠ᠃ ᠡᠨᠡᠬᠦ ᠬᠦᠷᠠᠯ ᠱᠤᠭᠤᠮᠠᠯ ᠤᠤᠯ ᠨᠢ ᠠᠷᠤ ᠬᠤᠷᠴᠢᠨ ᠬᠤᠰᠢᠭᠤᠨ ᠤ ᠳᠠᠮᠢᠷ ᠤᠨ ᠰᠤᠷᠭᠠᠭᠤᠯᠢ ᠶᠢᠨ ᠬᠦᠷᠢᠶᠠᠨ ᠳᠤ ᠰᠦᠨᠳᠦᠷᠯᠡᠵᠦ ᠪᠠᠶᠢᠭᠰᠠᠨ ᠪᠤᠯ ᠳᠦᠷᠦᠭᠰᠡᠨ ᠨᠤᠳᠤᠭ ᠤᠨ ᠬᠢᠨᠢ ᠬᠦᠮᠦᠨ ᠵᠤᠨ ᠨᠢ ᠠᠪᠤᠷᠭᠤ ᠶᠢᠨ ᠢᠶᠠᠨ ᠱᠤᠭᠤᠮᠠᠯ ᠢ ᠨᠤᠳᠤᠭ ᠲᠤ ᠨᠢ ᠵᠠᠯᠠᠵᠦ ᠪᠤᠰᠬᠠᠬᠤ ᠬᠦᠰᠡᠯ ᠳᠠᠯᠪᠢᠭᠰᠠᠨ ᠢᠶᠠᠷ᠂ ᠬᠤᠷᠠᠭ᠎ᠠ ᠠᠪᠤᠷᠭᠤ ᠶᠢᠨ ᠠᠴᠢ ᠬᠦᠦ ᠵᠤᠷᠢᠬᠳᠦ ᠪᠦᠬᠦ ᠰᠠᠳᠤᠨ ᠳᠦᠷᠦᠯ ᠲᠠᠢ ᠪᠠᠨ ᠵᠦᠪᠳᠡᠯᠴᠡᠨ ᠳᠤᠬᠢᠷᠠᠵᠦ᠂ ᠠᠪᠤᠷᠭᠤᠵᠢᠨ ᠳᠦᠷᠦᠭᠰᠡᠨ ᠨᠤᠳᠤᠭ ᠪᠤᠯᠬᠤ ᠪᠠᠶ᠋ᠬᠠᠦ᠋ᠨᠳᠦᠷ ᠰᠤᠮᠤᠨ ᠤ ᠮᠠᠨᠢᠳᠦ ᠭᠠᠴᠠᠭᠠᠨ ᠳᠤ ᠵᠠᠯᠠᠵᠦ ᠪᠠᠶᠢᠭ᠎ᠠ ᠨᠢ ᠡᠨᠡ ᠠᠵᠢ᠃ 

ᠱᠤᠭᠤᠮᠠᠯ ᠢ ᠵᠠᠯᠠᠵᠦ ᠪᠤᠰᠬᠠᠬᠤ ᠠᠵᠢᠯ ᠢ ᠠᠷᠤ ᠬᠤᠷᠴᠢᠨ ᠤ ᠰᠤᠶᠤᠯ ᠳᠠᠮᠢᠷ ᠤᠨ ᠳᠤᠪᠴᠢᠶᠠᠨ ᠳᠤ ᠠᠵᠢᠯ ᠲᠠᠢ ᠵᠤᠷᠢᠭᠳᠤ ᠠᠬ᠎ᠠ ᠠᠴᠠ ᠵᠤᠬᠢᠶᠠᠨ ᠪᠠᠶᠢᠭᠤᠯᠵᠦ ᠬᠢᠭᠰᠡᠨ ᠶᠤᠮ᠃ ᠶᠤᠰᠤᠯᠠᠯ ᠳᠡᠭᠡᠷ᠎ᠠ ᠬᠤᠰᠢᠭᠤ ᠰᠤᠮᠤᠨ ᠤ ᠤᠳᠤᠷᠢᠳᠤᠯᠭ᠎ᠠ᠂ ᠪᠡᠭᠡᠵᠢᠩ᠂ ᠬᠦᠬᠡᠬᠤᠳᠠ᠂ ᠬᠦᠯᠦᠨ ᠪᠤᠶᠢᠷ᠂ ᠰᠢᠯᠢ ᠶᠢᠨ ᠭᠤᠤᠯ ᠵᠡᠷᠭᠡ ᠭᠠᠵᠠᠷ ᠤᠷᠤᠨ ᠠᠴᠠ ᠬᠦᠷᠦᠯᠴᠠᠨ ᠢᠷᠡᠭᠰᠡᠨ ᠨᠠᠭᠠᠴᠤ ᠶᠢᠨ ᠮᠢᠨᠢ ᠠᠮᠢᠳᠦ ᠰᠠᠷᠠᠭᠦᠨ ᠪᠠᠶᠢᠬᠤ ᠦᠶ᠎ᠠ ᠶᠢᠨ ᠰᠠᠶᠢᠬᠠᠨ ᠨᠠᠶᠢᠵᠢ ᠨᠠᠷ ᠨᠢ ᠪᠤᠯᠤᠨ ᠨᠤᠳᠤᠭ ᠤᠨ ᠮᠠᠯᠴᠢᠨ ᠳᠦᠮᠡᠨ ᠨᠠᠶᠢᠳᠠ 300 ᠭᠠᠷᠤᠢ ᠬᠦᠮᠦᠨ ᠤᠷᠤᠯᠴᠠᠭᠰᠠᠨ ᠪᠠᠶᠢᠨ᠎ᠠ᠃ ᠡᠨᠡᠬᠦ ᠱᠤᠭᠤᠮᠠᠯ ᠤᠨ ᠰᠠᠭᠤᠷᠢ ᠶᠢᠨ ᠦᠨᠳᠦᠷ ᠨᠢ 2  ᠮᠧᠲᠷ᠂ ᠱᠤᠭᠤᠮᠠᠯ ᠤᠨ ᠦᠨᠳᠦᠷ ᠨᠢ 5  ᠮᠧᠲᠷ᠂ ᠦᠷᠭᠡᠨ ᠨᠢ 3 ᠮᠧᠲᠷ ᠪᠠᠶᠢᠵᠦ᠂ ᠠᠯᠳᠠᠨ ᠡᠮᠡᠭᠡᠯ ᠪᠤᠯᠤᠨ ᠭᠤᠭᠤᠰᠤᠳᠠᠢ ᠬᠠᠨ ᠠᠭᠤᠯᠠ ᠪᠠᠨ ᠳᠦᠰᠢᠵᠦ᠂ ᠠᠪᠠᠭ᠎ᠠ ᠬᠠᠷ᠎ᠠ ᠠᠭᠤᠯᠠ ᠪᠠᠨ ᠪᠠᠷᠠᠯᠠᠵᠦ ᠪᠠᠶᠢᠬᠤ ᠪᠠᠷ ᠪᠤᠰᠬᠠᠭᠰᠠᠨ ᠨᠢ ᠤᠯᠠᠮ ᠴᠤ ᠰᠦᠷ ᠭᠡᠷᠡᠯ ᠲᠠᠢ ᠬᠠᠷᠠᠭᠳᠠᠬᠤ ᠪᠤᠯᠤᠭᠰᠠᠨ ᠭᠡᠵᠦ ᠠᠪᠤᠷᠭᠤ ᠬᠤᠷᠠᠭ᠎ᠠ ᠶᠢᠨ ᠵᠢᠭᠡ ᠬᠦᠦ ᠡᠷᠳᠡᠨᠢᠪᠢᠯᠢᠭ ᠰᠤᠷᠪᠤᠯᠵᠢᠯᠠᠭ᠎ᠠ ᠬᠦᠯᠢᠶᠠᠬᠦ ᠳᠡᠭᠡᠨ ᠶᠠᠷᠢᠭᠰᠠᠨ ᠪᠢᠯᠡ᠃( ᠪᠤᠶᠠᠨᠳᠦ)



ᠬᠤᠷᠠᠭ᠎ᠠ (1965 - 2009) 1965 ᠤᠨ ᠤ 12 ᠰᠠᠷ᠎ᠠ ᠶᠢᠨ 26 ᠤ ᠡᠳᠦᠷ᠂ ᠠᠷᠤ ᠬᠤᠷᠴᠢᠨ ᠬᠤᠰᠢᠭᠤᠨ ᠤ ᠪᠠᠶ᠋ᠬᠠᠦ᠋ᠨᠳᠦᠷ ᠠᠷᠠᠳ ᠤᠨ ᠨᠢᠭᠡᠳᠦᠯ ᠤᠨ ᠮᠠᠨᠢᠳᠦ ᠶᠡᠭᠡ ᠪᠠᠷᠢᠭᠠᠳᠠ ᠶᠢᠨ ᠨᠢᠭᠡᠳᠦᠯ ᠤᠨ ᠺᠠᠳ᠋ᠷ ᠦᠭᠡᠯᠡᠳ ᠠᠶᠢᠮᠠᠭ ᠤᠨ ᠶᠧᠰᠢ᠂ ᠠᠯᠳᠠ ᠶᠢᠨ ᠳᠠᠪᠤᠳᠤᠭᠠᠷ ᠬᠦᠦ ᠨᠢ ᠪᠤᠯᠵᠦ ᠵᠠᠶᠠᠭᠠᠪᠠ᠃

ᠳᠡᠯᠡᠭᠡᠢ ᠶᠢᠨ ᠳᠠᠰ ᠤᠨ ᠰᠢᠯᠢᠳᠡᠭ ᠳᠠᠮᠢᠷᠴᠢᠨ᠂ ᠠᠽᠢᠶ᠎ᠠ ᠶᠢᠨ ᠬᠤᠤᠰ ᠠᠪᠤᠷᠭᠤ᠃ 

ᠰᠤᠩᠭᠤᠳᠠᠭ ᠪᠦᠭᠡ ᠶᠢᠨ ᠮᠡᠷᠭᠡᠵᠢᠯ ᠢᠶᠠᠷ ᠤᠷᠢᠳ ᠬᠤᠵᠢᠳ ᠠᠽᠢᠶ᠎ᠠ ᠶᠢᠨ ᠪᠠᠶ᠎ᠠ ᠶᠢᠨ ᠳᠠᠮᠢᠷ ᠤᠨ ᠴᠤᠭᠯᠠᠭᠠᠨ᠂ ᠠᠽᠢᠶ᠎ᠠ ᠳᠢᠪ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠳᠡᠯᠡᠭᠡᠢ ᠶᠢᠨ ᠤᠷᠢᠯᠭ᠎ᠠ ᠶᠢᠨ ᠤᠷᠤᠯᠳᠤᠭᠠᠨ᠂ ᠤᠯᠤᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠨᠠᠶᠢᠳᠠ 18 ᠠᠯᠳᠠᠨ ᠮᠧᠳᠠᠯ᠂ 14 ᠮᠦᠩᠬᠦᠨ ᠮᠧᠳᠠᠯ᠂ 4 ᠬᠦᠷᠡᠯ ᠮᠧᠳᠠᠯ ᠢᠶᠠᠷ ᠡᠩᠭᠡᠷ ᠢᠶᠠᠨ ᠮᠢᠯᠢᠶᠠᠯᠭᠠᠵᠦ ᠶᠠᠪᠤᠵᠠᠢ᠃ ᠤᠨᠴᠠᠭᠠᠢᠢᠯᠠᠨ 1990 ᠤᠨ ᠳᠤ ᠪᠡᠭᠡᠵᠢᠩ ᠬᠤᠳᠠᠨ᠎ᠠ ᠪᠤᠯᠤᠭᠰᠠᠨ ᠠᠷᠪᠠᠨ ᠨᠢᠭᠡᠳᠦᠭᠡᠷ ᠬᠤᠭᠤᠴᠠᠭᠠᠨ ᠤ ᠠᠽᠢᠶ᠎ᠠ ᠳᠢᠪ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠰᠤᠩᠭᠤᠳᠠᠭ ᠮᠠᠶ᠋ᠢᠭ ᠤᠨ ᠪᠦᠭᠡ ᠶᠢᠨ 130 ᠺᠢᠯᠦᠭᠷᠡᠮ ᠤᠨ ᠳᠡᠰ ᠲᠤ ᠠᠯᠳᠠᠨ ᠮᠧᠳᠠᠯ ᠭᠠᠷᠳᠠᠵᠦ᠂ ᠳᠤᠮᠳᠠᠳᠤ ᠤᠯᠤᠰ ᠤᠨ 《ᠰᠢᠨ᠎ᠠ ᠡᠷᠡᠨ ᠤ ᠭᠠᠪᠰᠢᠭᠠᠢᠢᠯᠠᠭᠴᠢ》᠂ 1993 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 《ᠠᠷᠪᠠᠨ ᠰᠢᠯᠢᠳᠡᠭ ᠳᠠᠮᠢᠷᠴᠢᠨ》᠂ 1993 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 《ᠬᠦᠳᠡᠯᠮᠤᠷᠢ ᠶᠢᠨ ᠵᠢᠱᠢᠶᠠᠴᠢ》 ᠪᠠᠷ ᠰᠤᠩᠭᠤᠭᠳᠠᠵᠠᠢ᠃

2009 ᠤᠨ ᠤ 1 ᠰᠠᠷ᠎ᠠ ᠶᠢᠨ 29 ᠤ ᠡᠳᠦᠷ ᠪᠡᠭᠡᠵᠢᠩ ᠬᠤᠳᠠ ᠳᠤ ᠡᠪᠡᠳᠴᠢᠨ ᠢᠶᠠᠷ ᠨᠠᠰᠤ ᠪᠠᠷᠠᠪᠠ᠃ 

34eea887-7ed2-44c4-9582-5b4c334ef266.png


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ