8 ᠰᠠᠷ ᠎ᠠ ᠶᠢᠨ 20 ᠤ ᠡᠳᠥᠷ᠂ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠬᠳᠠᠬᠰᠠᠨ 70 ᠵᠢᠯ ᠤᠨ ᠣᠢ ᠶᠢ ᠪᠡᠯᠬᠡᠯᠡᠬᠦ ᠬᠠᠨᠭ᠍ᠬᠢᠨ ᠬᠤᠰᠢᠭᠤᠨ ᠤ 2019 ᠤᠨ ᠤ ᠨᠠᠭᠠᠳᠤᠮ ᠤᠨ ᠬᠤᠷᠠᠯ ᠵᠢᠴᠢ ᠺᠠᠳ᠋ᠷ ᠠᠵᠢᠯᠳᠠᠳ ᠤᠨ ᠳᠠᠮᠢᠷ ᠤᠨ ᠤᠷᠤᠯᠳᠤᠭᠠᠨ ᠬᠤᠰᠢᠭᠤᠨ ᠤ ᠥᠨᠳᠥᠰᠥᠳᠡᠨ ᠤ ᠪᠡᠶ᠎ᠠ ᠶᠢᠨ ᠳᠠᠮᠢᠷ ᠤᠨ ᠳᠠᠯᠠᠪᠠᠢ ᠳᠤ ᠥᠪᠡᠳᠡᠭᠰᠢ ᠶᠡᠭᠡ ᠪᠠᠷ ᠡᠬᠢᠯᠡᠪᠡ᠃ 

ᠲᠤᠰ ᠤᠳᠠᠭ᠎ᠠ ᠶᠢᠨ ᠲᠠᠮᠢᠷ ᠤᠨ ᠤᠷᠤᠯᠳᠤᠭᠠᠨ ᠳᠤ᠂ ᠣᠷᠣᠰ᠂ ᠮᠣᠩᠭᠤᠯ ᠵᠡᠷᠬᠡ ᠲᠡᠯᠡᠬᠡᠢ ᠶᠢᠨ ᠪᠠ ᠪᠡᠬᠡᠵᠢᠩ᠂ ᠲᠢᠶᠠᠨᠵᠢᠨ ᠵᠡᠷᠬᠡ ᠬᠤᠯᠠ ᠶᠢᠨ ᠬᠡᠶᠢᠴᠢᠨ ᠵᠣᠴᠢᠳ ᠵᠢᠭᠤᠯᠴᠢᠯᠠᠬᠴᠢᠳ᠂ ᠲᠡᠮᠡᠬᠡᠳᠣ᠂ ᠢᠷᠭᠠᠢ᠂ ᠥᠬᠠᠢ ᠵᠡᠷᠬᠡ ᠥᠢᠷ᠎ᠠ ᠬᠠᠪᠢ ᠶᠢᠨ ᠭᠠᠵᠠᠷ ᠣᠷᠣᠨ ᠪᠠ ᠬᠤᠳᠠ᠂ ᠣᠷᠳᠣᠰ ᠬᠤᠳᠠ ᠶᠢᠨ ᠡᠯ᠎ᠠ ᠬᠤᠰᠢᠭᠤ ᠪᠠ ᠬᠠᠩᠬᠢᠨ ᠬᠤᠰᠢᠭᠤᠨ ᠤ ᠺᠠᠳ᠋ᠷ ᠮᠠᠯᠴᠢᠨ ᠲᠠᠷᠢᠶᠠᠴᠢᠨ ᠵᠡᠷᠬᠡ 5 ᠳᠥᠮᠡᠨ ᠬᠥᠮᠥᠨ ᠣᠷᠣᠯᠴᠠᠪᠠ᠃ ᠥᠳᠡ ᠶᠢᠨ ᠡᠮᠤᠨᠡᠬᠢ 9 ᠴᠠᠭ ᠲᠤ᠂ ᠡᠬᠡ ᠤᠯᠤᠰ᠂ ᠨᠤᠳᠤᠭ ᠤᠷᠤᠨ ᠤ ᠪᠠᠨ ᠭᠥᠭᠵᠢᠯᠳᠠ ᠬᠤᠪᠢᠷᠠᠯᠳᠠ ᠶᠢ ᠤᠶᠠᠩᠭᠠᠯᠠᠨ ᠰᠢᠯᠥᠭᠯᠡᠭᠰᠡᠨ ᠢᠷᠥᠬᠡᠯ ᠮᠠᠭᠳᠠᠭᠠᠯ᠂ ᠢᠷᠠᠭᠤ ᠰᠠᠶᠢᠬᠠᠨ ᠬᠥᠷᠥ ᠳᠠᠭᠤᠤ ᠶᠢᠨ ᠠᠶᠠᠯᠭᠤ ᠬᠠᠨᠭ᠍ᠬᠢᠨᠠᠨ ᠴᠤᠤᠷᠢᠶᠠᠳᠤᠵᠤ᠂ 《ᠢᠷᠠᠭᠤ ᠭᠠᠶᠢᠬᠠᠮᠰᠢᠭᠳᠤ 70 ᠵᠢᠯ · ᠡᠷᠡᠮᠡᠬᠡᠶᠢᠯᠡᠨ ᠳᠡᠮᠡᠴᠡᠬᠦᠢ ᠰᠢᠨ᠎ᠠ ᠴᠠᠭ ᠥᠶ᠎ᠠ》 ᠪᠠᠷ ᠭᠤᠤᠯ ᠰᠡᠳᠤᠪ ᠢᠶᠠᠨ ᠪᠤᠯᠭᠠᠭᠰᠠᠨ ᠬᠤᠰᠢᠭᠤᠨ ᠤ ᠨᠠᠭᠠᠳᠤᠮ ᠬᠥᠷ ᠨᠠᠷᠬᠢᠶᠡᠨ ᠢᠶᠠᠷ ᠪᠢᠯᠬᠠᠵᠣ᠂ ᠤᠯᠤᠰ ᠤᠨ ᠳᠤᠭ᠂ ᠥᠡᠭᠬᠡᠳᠤ ᠳᠤᠭ᠂ ᠬᠠᠳᠠᠭ᠂ ᠪᠥᠬᠡ ᠶᠢᠨ ᠠᠩᠬᠢ ᠵᠢᠴᠢ ᠡᠯ᠎ᠠ ᠪᠠᠶᠢᠭᠤᠯᠭ᠎ᠠ ᠨᠢᠬᠡᠴᠢ ᠶᠢᠨ 44 ᠵᠢᠭᠰᠠᠭᠠᠯ ᠤᠨ ᠡᠩᠨᠡᠭᠡ ᠳᠠᠯᠠᠪᠠᠢ ᠳᠤ ᠤᠷᠤᠵᠣ᠂ ᠨᠠᠭᠠᠳᠣᠮ ᠤᠨ ᠬᠤᠷᠠᠯ ᠡᠶᠢᠨ ᠬᠦ ᠡᠬᠢᠯᠡᠯᠳᠡ ᠶᠢᠨ ᠬᠥᠰᠢᠬᠡ ᠪᠠᠨ ᠢᠷᠡᠪᠡ᠃ 

ᠡᠬᠢᠯᠡᠯᠳᠡ ᠶᠢᠨ ᠶᠤᠰᠤᠯᠠᠯ ᠳᠤ᠂ ᠠᠯᠳᠠᠷᠳᠤ ᠮᠤᠷᠢᠨ ᠬᠤᠭᠤᠷᠴᠢ ᠳᠠᠷᠮ᠎ᠠ ᠪᠠᠭᠰᠢ ᠲᠥᠷᠥᠬᠦᠥ ᠲᠠᠢ ᠮᠤᠷᠢᠨ ᠬᠤᠭᠤᠷ ᠤᠨ ᠨᠠᠶᠢᠷᠠᠯ ᠬᠦᠭᠵᠢᠮ᠂ ᠤᠯᠠᠭᠠᠨᠮᠦ᠋ᠴᠢᠷ ᠤᠨ ᠳᠤᠭᠯᠠᠯᠳᠠ᠂ ᠬᠡᠤᠬᠡᠳ ᠤᠨ ᠪᠥᠵᠢᠭ ᠵᠡᠷᠭᠡ ᠤᠷᠠᠠ ᠰᠠᠶᠢᠬᠠᠠ ᠤ ᠳᠤᠭᠯᠠᠯᠳᠠ ᠨᠢ ᠡᠨᠡ ᠡᠳᠥᠷ ᠤᠨ ᠨᠠᠭᠠᠳᠤᠮ ᠢ ᠤᠷᠬᠢᠯ ᠳᠤᠨᠢ ᠬᠥᠷᠬᠡᠪᠡ᠃ ᠤᠨᠴᠠᠭᠠᠢᠢᠯᠠᠨ 《ᠤᠷᠳᠤᠰ ᠤᠨ ᠳᠠᠯ ᠎ᠠ ᠨᠤᠳᠤᠭ ᠤᠨ ᠮᠤᠩᠭᠤᠯ ᠮᠤᠷᠢᠨ ᠤ ᠠᠩᠬᠢ》 ᠠᠴᠠ ᠳᠤᠭᠯᠠᠭᠰᠠᠨ ᠮᠤᠷᠢᠨ ᠮᠡᠷᠬᠡᠵᠢᠯ ᠤᠨ ᠳᠤᠭᠯᠠᠯᠳᠠ ᠨᠢ ᠳᠤᠬᠠᠢ ᠶᠢᠨ ᠳᠠᠯᠠᠪᠠᠢ ᠶᠢᠨ ᠥᠵᠡᠭᠴᠢᠳ ᠤᠨ ᠬᠠᠯᠠᠭᠤᠨ ᠠᠯᠠᠭ᠎ᠠ ᠳᠠᠰᠢᠯᠳᠠ ᠪᠠ ᠤᠤᠬᠠᠢᠢᠯᠠᠯ ᠢ ᠤᠯᠵᠤ᠂ ᠤᠯᠠᠨ ᠤ ᠤᠷᠮ᠎ᠠ ᠵᠤᠷᠢᠭ ᠢ ᠭᠥᠭᠵᠢᠬᠡᠭᠰᠡᠡ ᠪᠠᠶᠢᠨ᠎ᠠ᠃ 

     ᠳᠤᠰ ᠤᠳᠠᠭ᠎ᠠ ᠶᠢᠨ ᠨᠠᠭᠠᠳᠤᠮ ᠤᠨ ᠶᠡᠭᠡ ᠬᠤᠷᠠᠯ ᠨᠢ 3 ᠡᠳᠥᠷ ᠤᠨ ᠬᠤᠭᠤᠴᠠᠭ᠎ᠠ ᠲᠠᠢ ᠵᠠᠪᠤᠭᠳᠠᠵᠤ᠂ ᠮᠤᠷᠢᠨ ᠤᠷᠤᠯᠳᠤᠭᠠᠨ᠂ ᠪᠥᠬᠡ᠂ ᠰᠤᠷ ᠬᠠᠷᠪᠤᠬᠤ ᠵᠡᠷᠭᠡ ᠮᠤᠩᠭᠤᠯ ᠦᠨᠳᠦᠰᠦᠳᠡᠡ ᠤ ᠤᠯᠠᠮᠵᠢᠯᠠᠯᠳᠤ ᠪᠡᠶ᠎ᠠ ᠶᠢᠨ ᠳᠠᠮᠢᠷ ᠤᠨ ᠤᠷᠤᠯᠳᠤᠭᠠᠨ ᠵᠢᠴᠢ ᠳᠡᠬᠡᠰᠦ ᠳᠠᠳᠠᠬᠤ᠂ ᠬᠤᠯᠠ ᠦᠰᠦᠷᠬᠦ᠂ ᠦᠳᠦᠨ ᠪᠦᠮᠪᠦᠭᠡ ᠵᠡᠷᠭᠡ ᠶᠢᠨ 17 ᠶᠡᠭᠡ ᠲᠥᠷᠥᠯ᠂ 32 ᠵᠥᠢᠯ ᠤᠨ ᠤᠷᠤᠯᠳᠤᠭᠠᠠ ᠢ ᠳᠤᠬᠢᠷᠠᠭᠤᠯᠵᠤ᠂ ᠪᠥᠭᠦ ᠬᠤᠰᠢᠭᠤᠨ ᠤ ᠮᠠᠯᠴᠢᠨ ᠳᠠᠷᠢᠶᠠᠴᠢᠨ ᠪᠤᠯᠤᠨ ᠠᠯᠪᠠᠨ ᠪᠠᠶᠢᠭᠤᠯᠭ᠎ᠠ ᠶᠢᠨ 3000 ᠭᠠᠷᠤᠢ ᠬᠥᠮᠥᠨ ᠤᠷᠤᠯᠴᠠᠵᠠᠢ᠃ ᠡᠬᠦᠨ ᠤ ᠬᠠᠮᠳᠤ ᠪᠤᠬᠢᠷᠳᠤᠯ ᠥᠬᠡᠢ ᠮᠠᠯ ᠤᠨ ᠠᠰᠢᠭ ᠰᠢᠮ᠎ᠠ ᠳᠠᠷᠢᠶᠠᠯᠠᠩ ᠤᠨ ᠪᠥᠳᠥᠬᠡᠭᠳᠡᠬᠦᠨ᠂ ᠥᠨᠳᠥᠰᠥᠳᠡᠨ ᠤ ᠭᠠᠷ ᠤᠷᠠᠯᠠᠯ ᠤᠨ ᠪᠥᠳᠥᠬᠡᠭᠳᠡᠬᠦᠨ᠂ ᠥᠨᠳᠥᠰᠥᠳᠡᠨ ᠤ ᠬᠤᠪᠴᠠᠰᠤ ᠵᠠᠰᠠᠯ ᠵᠡᠷᠭᠡ ᠶᠢ ᠳᠡᠯᠬᠡᠨ ᠪᠤᠷᠤᠯᠠᠭᠤᠯᠵᠤ᠂ 《ᠳᠠᠯ ᠎ᠠ ᠨᠤᠳᠤᠭ ᠤᠨ ᠰᠤᠶᠤᠯ ᠢ ᠪᠡᠶᠡᠴᠢᠯᠡᠡ ᠤᠢᠢᠯᠠᠭᠠᠵᠦ᠂ ᠳᠠᠯ᠎ᠠ ᠨᠤᠳᠤᠭ ᠤᠨ ᠠᠮᠳᠠᠳᠤ ᠢᠳᠡᠭᠡᠨ ᠢ ᠠᠮᠰᠠᠬᠤ》 ᠭᠤᠤᠯ ᠰᠡᠳᠤᠪᠳᠤ ᠠᠵᠢᠯᠯᠠᠭ᠎ᠠ ᠦᠷᠨᠢᠬᠦᠯᠥᠭᠰᠡᠨ ᠪᠠᠶᠢᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ