4ad2bd8b-95c9-473b-a4dc-02bddcad14a7.jpg

8 ᠰᠠᠷ᠎ᠠ ᠵᠢᠨ 24 ᠤ᠋ ᠡᠲᠦᠷ ᠡᠴᠡ 25 ᠤ᠋ ᠡᠳᠦᠷ ᠪᠤᠯᠳᠠᠯ᠎ᠠ ᠦᠪᠦᠷ ᠮᠤᠩᠭᠤᠯ ᠤᠨ ᠤᠯᠠᠭᠠᠨᠬᠠᠲᠠ ᠬᠤᠲᠠ ᠶᠢᠨ ᠤᠩᠨᠢᠭᠤᠳ ᠬᠤᠰᠢᠭᠤᠨ ᠤ ᠬᠡᠷᠰᠡᠩ ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ ᠤᠩᠨᠢᠭᠤᠳ ᠬᠤᠰᠢᠭᠤᠨ ᠤ ᠠᠳᠤᠭᠤᠨ ᠰᠤᠶᠤᠯ ᠤᠨ ᠨᠡᠢᠢᠬᠡᠮᠯᠢᠭ ᠡᠴᠡ ᠡᠷᠬᠢᠯᠡᠭᠰᠡᠨ ᠰᠢᠨ᠎᠎ᠠ ᠳᠤᠮᠳᠠᠳᠤ ᠤᠯᠤᠰ ᠪᠠᠢᠢᠭᠤᠯᠤᠭᠳᠠᠭᠰᠠᠨ 70 ᠵᠢᠯ ᠤᠨ ᠤᠢ ᠵᠢ ᠪᠡᠯᠬᠡᠯᠡᠬᠦ ᠵᠢᠴᠢ ᠬᠡᠷᠰᠡᠩ ᠰᠤᠮᠤᠨ ᠤ ᠠᠩᠬᠠᠳᠤᠭᠠᠷ ᠤᠳᠠᠭᠠᠨ ᠤ ᠮᠠᠯᠴᠢᠳ ᠤᠨ ᠨᠠᠭᠠᠳᠤᠮ ᠤᠨ ᠬᠤᠷᠠᠯ ᠦᠯᠵᠠᠢᠢᠳᠠᠢ ᠰᠠᠢᠢᠬᠠᠨ ᠶᠠᠪᠤᠭᠳᠠᠯ᠎ᠠ᠃

ᠬᠡᠷᠰᠠᠩ ᠰᠤᠮᠤᠨ ᠤ ᠮᠠᠯᠴᠢᠨ ᠲᠦᠮᠡᠨ ᠲᠠᠪᠢᠭᠰᠡᠨ ᠪᠦᠬᠡ ᠬᠡᠢᠢᠮᠤᠷᠢ ᠲᠠᠢ᠂ ᠲᠠᠪᠬᠢᠭᠰᠠᠨ ᠮᠤᠷᠢ ᠬᠤᠷᠳᠤ ᠲᠠᠢ᠂ ᠲᠠᠳᠠᠭᠰᠠᠨ ᠬᠦᠪᠴᠢ ᠰᠢᠨᠳᠠᠰᠤ ᠲᠠᠢ᠂ ᠲᠠᠶᠠᠭᠠᠷ ᠲᠦ ᠲᠠᠭᠤᠷᠢᠰᠬᠤ ᠲᠦᠮᠡᠨ ᠳᠤ ᠠᠯᠳᠠᠷᠰᠢᠬᠤ ᠰᠠᠢᠢᠬᠠᠨ ᠵᠤᠭᠤᠭ ᠲᠠᠢ ᠨᠠᠭᠠᠳᠤᠮ ᠪᠤᠯᠬᠤ ᠵᠢ ᠪᠡᠯᠬᠡᠳᠡᠨ ᠦᠷᠯᠦᠬᠡ ᠡᠷᠳᠡᠯᠡᠨ ᠪᠤᠰᠴᠤ ᠤᠪᠤᠭ᠎ᠠ ᠬᠠᠢᠢᠷᠬᠠᠨ ᠵᠢᠡᠨ ᠲᠠᠬᠢᠵᠤ ᠨᠤᠳᠤᠭ ᠤᠰᠤᠨ ᠤ ᠪᠠᠨ ᠨᠠᠪᠳᠠᠭ ᠰᠠᠪᠳᠠᠭ ᠲᠠᠭᠠᠨ ᠰᠦᠰᠦᠭᠯᠡᠨ ᠲᠠᠭᠠᠳᠬᠠᠵᠠᠢ᠃

ᠨᠠᠭᠠᠳᠤᠮ ᠤᠨ ᠬᠤᠷᠠᠯ ᠤᠨ ᠨᠡᠬᠡᠬᠡᠯᠲᠡ ᠶᠢᠨ ᠶᠤᠰᠤᠯᠠᠯ ᠲᠡᠬᠡᠷ᠎ᠠ᠂ ᠬᠡᠷᠰᠡᠩ ᠨᠤᠳᠤᠭ ᠤᠨ ᠵᠢᠡᠨ ᠮᠠᠯ ᠲᠠᠷᠢᠶᠠᠯᠠᠩ ᠤᠨ ᠦᠢᠯᠡᠰ ᠲᠦ ᠵᠢᠱᠢᠶᠠᠴᠢ ᠲᠠᠭᠠᠭᠤᠯᠤᠭᠴᠢ ᠵᠢᠨ ᠦᠢᠯᠡᠳᠤᠯ ᠦᠵᠡᠬᠦᠯᠦᠭᠰᠡᠨ ᠮᠦᠩᠬᠦᠨᠰᠠᠩ᠂ ᠰᠠᠢᠢᠨ᠎ᠠ᠂ ᠤᠶᠤᠨᠴᠢᠮᠡᠭ ᠵᠡᠷᠬᠡ ᠬᠦᠳᠡᠯᠮᠤᠷᠢ ᠵᠢᠨ ᠵᠢᠱᠢᠶᠠᠴᠢ ᠪᠠᠨ ᠬᠦᠬᠢᠬᠦᠯᠦᠨ ᠰᠠᠢᠢᠰᠢᠶᠠᠵᠤ᠂ ᠨᠤᠳᠤᠭ ᠤᠰᠤᠨ ᠤ ᠪᠠᠨ ᠠᠯᠳᠠᠷ ᠨᠠᠷ᠎ᠠ ᠵᠢ ᠡᠷᠬᠦᠵᠦ ᠶᠠᠪᠤᠭᠰᠠᠨ ᠠᠰᠤᠷᠤ᠂ ᠨᠠᠢᠢᠷᠰᠠᠭ ᠬᠡᠮᠡᠬᠦ ᠬᠤᠶᠠᠷ ᠵᠠᠯᠠᠭᠤ ᠪᠦᠬᠡ ᠪᠠᠨ ᠵᠠᠩᠬᠢᠶᠠᠯᠠᠵᠦ᠂ ᠵᠠᠯᠠᠭᠤ ᠽᠠᠨᠳᠠᠨ ᠨᠠᠰᠤ ᠪᠠᠨ ᠬᠡᠷᠰᠡᠩ ᠨᠤᠳᠤᠭ ᠲᠦ ᠵᠤᠷᠢᠭᠤᠯᠵᠤ ᠶᠠᠪᠤᠭᠰᠠᠨ ᠰᠡᠬᠡᠬᠡᠳᠡᠳ ᠡᠴᠡ ᠬᠡᠷᠰᠡᠩ ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠬᠡᠮᠡᠷᠯᠢᠭ ᠳᠤᠭ ᠬᠦᠷᠬᠡᠪᠠ᠃ ᠡᠬᠦᠨ ᠡᠴᠡ ᠭᠠᠳᠠᠨ᠎ᠠ᠂ ᠷᠠᠰᠢᠶᠠᠨ ᠪᠤᠯᠠᠭ ᠮᠠᠯᠵᠢᠯ ᠤᠨ ᠬᠤᠯᠪᠤᠭᠠᠯᠠᠨ ᠡᠬᠦᠯᠳᠡᠷ ᠪᠤᠢᠢᠵᠢᠭᠤᠯᠬᠤ ᠠᠵᠢᠯ ᠤᠨ ᠦᠷ᠎ᠠ ᠪᠦᠳᠦᠬᠡᠯ ᠤᠨ ᠦᠵᠡᠬᠦᠯᠦᠯᠬᠡ ᠵᠢᠴᠢ ᠰᠢᠯᠭᠠᠷᠠᠭᠤᠯᠤᠯᠳᠠ ᠬᠢᠵᠦ᠂ ᠮᠠᠯ ᠤᠨ ᠡᠬᠦᠯᠳᠡᠷ ᠰᠠᠢᠢᠵᠢᠷᠠᠭᠤᠯᠤᠯᠳᠠ ᠬᠢᠭᠰᠡᠨ ᠬᠤᠪᠢ ᠡᠷᠦᠬᠡ ᠵᠢ ᠱᠠᠩᠨᠠᠨ ᠵᠤᠷᠢᠭᠵᠢᠭᠤᠯᠵᠠᠢ᠃

ᠬᠤᠶᠠᠷ ᠡᠳᠦᠷ ᠤᠨ ᠬᠤᠷᠴᠡ ᠰᠢᠷᠦᠬᠦᠨ ᠲᠡᠮᠡᠴᠡᠬᠡᠨ ᠵᠢᠡᠷ ᠲᠠᠮᠵᠢᠵᠤ᠂ ᠬᠡᠷᠰᠡᠩ ᠰᠤᠮᠤᠨ ᠤ ᠨᠠᠭᠠᠳᠤᠮ ᠤᠨ ᠬᠤᠷᠠᠯ ᠤᠨ 256 ᠬᠦᠴᠦᠳᠤ ᠪᠦᠬᠡ ᠵᠢᠨ ᠲᠡᠮᠡᠴᠡᠬᠡᠨ ᠳᠤ ᠬᠡᠷᠰᠡᠩ ᠰᠤᠮᠤᠨ ᠤ ᠠᠰᠤᠷᠤ ᠲᠠᠷᠢᠬᠦᠯᠠᠵᠤ᠂ ᠪᠠᠭᠠᠷᠢᠨ ᠪᠠᠷᠠᠭᠤᠨ ᠬᠤᠰᠢᠭᠤᠨ ᠤ ᠬᠡᠬᠡᠷᠡᠬᠦ ᠲᠡᠳ᠋ᠯᠠᠵᠤ᠂ ᠪᠠᠳᠤᠵᠢᠷᠭᠠᠯ᠂ ᠴᠢᠩᠵᠤᠷᠢᠭ ᠳᠤᠰ ᠳᠤᠰ ᠭᠤᠳᠠᠭᠠᠷ ᠲᠦᠲᠦᠬᠡᠷ ᠲᠦ ᠳᠤᠳᠤᠷᠠᠵᠦ᠂ 32 ᠪᠠᠭᠠᠴᠤᠳ ᠤᠨ ᠪᠦᠬᠡ ᠵᠢᠨ ᠮᠦᠷᠦᠶᠢᠴᠡᠬᠡᠨ ᠳᠤ ᠲᠠᠩᠬᠢᠰ ᠲᠡᠷᠢᠬᠦᠯᠠᠵᠠᠢ︔ ᠡᠷᠡᠭᠳᠡᠢ ᠵᠢᠨ ᠰᠤᠷ ᠬᠠᠷᠪᠤᠯᠳᠠ ᠵᠢᠨ ᠤᠷᠤᠯᠳᠤᠭᠠᠨ ᠳᠤ ᠪᠠᠷᠠᠭᠤᠨ ᠦᠵᠦᠮᠦᠴᠢᠨ ᠤ ᠪᠤᠶᠠᠨᠴᠤᠭᠳᠤ ᠲᠡᠷᠢᠬᠦᠯᠡᠨ᠂ ᠡᠮᠡᠭᠳᠡᠢ ᠵᠢᠨ ᠰᠤᠷ ᠬᠠᠷᠪᠤᠯᠳᠠ ᠵᠢᠨ ᠤᠷᠤᠯᠳᠤᠭᠠᠨ ᠳᠤ ᠪᠠᠷᠠᠭᠤᠨ ᠦᠵᠦᠮᠦᠴᠢᠨ ᠤ ᠮᠤᠤᠬᠦ᠋ᠯᠦᠬᠡ ᠲᠠᠷᠢᠬᠦᠯᠠᠵᠤ᠂ ᠬᠡᠦᠬᠡᠳ ᠤᠨ ᠰᠤᠷ ᠬᠠᠷᠪᠤᠯᠳᠠ ᠵᠢᠨ ᠤᠷᠤᠯᠳᠤᠭᠠᠨ ᠳᠤ ᠨᠠᠨᠳᠢᠨ ᠲᠡᠷᠢᠬᠦᠯᠡᠵᠠᠢ᠃

ᠬᠡᠷᠰᠡᠩ ᠰᠤᠮᠤᠨ ᠤ ᠨᠠᠭᠠᠳᠤᠮ ᠤᠨ ᠬᠤᠷᠠᠯ ᠵᠢᠴᠢ ᠠᠷᠤ ᠲᠠᠪᠤᠨ ᠬᠤᠰᠢᠭᠤᠨ ᠤ ᠡᠬᠡᠯᠵᠢᠳᠤ ᠮᠤᠷᠢᠨ ᠤᠷᠤᠯᠳᠤᠭᠠᠨ ᠤ ᠭᠤᠴᠢᠨ ᠬᠤᠶᠠᠷ ᠭᠠᠵᠠᠷ ᠤᠨ ᠮᠤᠩᠭᠤᠯ ᠮᠤᠷᠢᠨ ᠤᠷᠤᠯᠳᠤᠭᠠᠨ ᠳᠤ ᠠᠷᠤ ᠬᠤᠷᠴᠢᠨ  ᠤ ᠠᠮᠤᠷᠰᠠᠨᠠᠭ᠎ᠠ ᠵᠢᠨ ᠵᠡᠬᠡᠷᠳᠡ ᠮᠤᠷᠢ ᠲᠠᠷᠢᠬᠦᠯᠠᠵᠦ᠂ ᠭᠤᠴᠢᠨ ᠬᠤᠶᠠᠷ ᠭᠠᠵᠠᠷ ᠤᠨ ᠡᠷᠯᠢᠰᠡ ᠮᠤᠷᠢᠨ ᠤ ᠤᠷᠤᠯᠳᠤᠭᠠᠨ ᠳᠤ ᠠᠷᠤ ᠬᠤᠷᠴᠢᠨ ᠤ ᠬᠠᠢ ᠯᠦᠩ ᠤᠨ ᠪᠤᠷᠤ ᠮᠤᠷᠢ᠂ ᠠᠷᠪᠠᠨ ᠬᠤᠶᠠᠷ ᠭᠠᠵᠠᠷ ᠤᠨ ᠮᠤᠩᠭᠤᠯ ᠵᠢᠷᠤᠭ᠎ᠠ ᠮᠤᠷᠢᠨ ᠤ ᠤᠷᠤᠯᠳᠤᠭᠠᠨ ᠳᠤ ᠪᠠᠭᠠᠷᠢᠨ ᠪᠠᠷᠠᠭᠤᠨ ᠬᠤᠰᠢᠭᠤᠨ ᠤ ᠪᠠᠶᠠᠨᠵᠢᠷᠭᠠᠯ ᠤᠨ ᠬᠠᠷ᠎ᠠ ᠮᠤᠷᠢ᠂ ᠠᠷᠪᠠᠨ ᠬᠤᠶᠠᠷ ᠭᠠᠵᠠᠷ ᠤᠨ ᠡᠷᠯᠢᠰᠡ ᠵᠢᠷᠤᠭ᠎ᠠ ᠮᠤᠷᠢᠨ ᠤ ᠤᠷᠤᠯᠳᠤᠭᠠᠨ ᠳᠤ ᠪᠠᠭᠠᠷᠢᠨ ᠪᠠᠷᠠᠭᠤᠨ ᠬᠤᠰᠢᠭᠤᠨ ᠤ ᠰᠡᠴᠡᠨᠮᠦ᠋ᠩᠬᠡ ᠵᠢᠨ ᠬᠠᠯᠳᠠᠷ ᠮᠤᠷᠢ᠂ ᠠᠷᠪᠠᠨ ᠵᠢᠷᠭᠤᠭᠠᠨ ᠭᠠᠵᠠᠷ ᠤᠨ ᠬᠤᠷᠳᠤᠨ ᠦᠷᠢᠶ᠎ᠠ ᠮᠤᠷᠢᠨ ᠤ ᠤᠷᠤᠯᠳᠤᠭᠠᠨ ᠳᠤ ᠠᠷᠤ ᠬᠤᠷᠴᠢᠨ ᠤ ᠰᠡᠴᠡᠨᠬᠦᠦ ᠵᠢᠨ ᠬᠡᠬᠡᠷ ᠮᠤᠷᠢ᠂ ᠨᠠᠶ᠋ᠮᠠᠨ ᠭᠠᠵᠠᠷ ᠤᠨ ᠵᠢᠷᠤᠭ᠎ᠠ ᠦᠷᠢᠶ᠎ᠠ ᠮᠤᠷᠢᠨ ᠤ ᠤᠷᠤᠯᠳᠤᠭᠠᠨ ᠳᠤ ᠠᠷᠤ ᠬᠤᠷᠴᠢᠨ ᠤ ᠯᠤᠪᠰᠠᠩ ᠤᠨ ᠬᠠᠷ᠎ᠠ ᠮᠤᠷᠢ᠂ ᠨᠠᠶ᠋ᠮᠠᠨ ᠭᠠᠵᠠᠷ ᠤᠨ ᠲᠠᠭ᠎ᠠ ᠮᠤᠷᠢᠨ ᠤ ᠤᠷᠤᠯᠳᠤᠭᠠᠨ ᠳᠤ ᠠᠷᠤ ᠬᠤᠷᠴᠢᠨ ᠤ ᠤᠷᠳᠤ ᠵᠢᠨ ᠬᠡᠬᠡᠷ ᠮᠤᠷᠢ᠂ ᠠᠷᠪᠠᠨ ᠵᠢᠷᠭᠤᠭᠠᠨ ᠭᠠᠵᠠᠷ ᠤᠨ ᠬᠠᠳᠤᠷᠢᠶ᠎ᠠ ᠮᠤᠷᠢᠨ ᠤ ᠤᠷᠤᠯᠳᠤᠭᠠᠨ ᠳᠤ ᠠᠷᠤ ᠬᠤᠷᠴᠢᠨ ᠤ ᠰᠡᠴᠡᠨᠪᠠᠭᠠᠳᠤᠷ ᠤᠨ ᠬᠡᠬᠡᠷ ᠮᠤᠷᠢ ᠳᠤᠰ ᠳᠤᠰ ᠲᠡᠷᠢᠬᠦᠯᠡᠵᠠᠢ᠃

ᠨᠠᠭᠠᠳᠤᠮ ᠤᠨ ᠬᠤᠷᠠᠯ ᠲᠡᠬᠡᠷ᠎ᠠ᠂ ᠤᠯᠠᠭᠠᠨᠬᠠᠳᠠ ᠬᠤᠳᠠ ᠵᠢᠨ ᠠᠷᠤ ᠲᠠᠪᠤᠨ ᠬᠤᠰᠢᠭᠤᠨ ᠤ ᠡᠬᠡᠯᠵᠢᠳᠤ ᠮᠤᠷᠢᠨ ᠤᠷᠤᠯᠳᠤᠭᠠᠨ ᠤ ᠳᠤᠭ ᠰᠢᠯᠵᠢᠬᠦᠯᠬᠦ ᠶᠤᠰᠤᠯᠠᠯ ᠶᠠᠪᠤᠭᠤᠯᠵᠤ᠂ ᠲᠠᠷᠠᠭᠠᠴᠢ ᠵᠢᠨ ᠬᠤᠭᠤᠴᠠᠭᠠᠨ ᠤ ᠤᠯᠠᠭᠠᠨᠬᠠᠳᠠ ᠬᠤᠳᠠ ᠵᠢᠨ ᠠᠷᠤ ᠲᠠᠪᠤᠨ ᠬᠤᠰᠢᠭᠤᠨ ᠤ ᠡᠬᠡᠯᠵᠢᠳᠤ ᠮᠤᠷᠢᠨ ᠤᠷᠤᠯᠳᠤᠭᠠᠨ ᠢ ᠠᠷᠤ ᠬᠤᠷᠴᠢᠨ ᠬᠤᠰᠢᠭᠤᠨ ᠳᠤ ᠶᠠᠪᠤᠭᠳᠠᠭᠤᠯᠬᠤ ᠪᠠᠷ ᠪᠤᠯᠪᠠ᠃ ᠨᠠᠭᠠᠳᠤᠮ ᠤᠨ ᠬᠤᠷᠠᠯ ᠤᠨ ᠬᠤᠭᠤᠴᠠᠭᠠᠨ ᠳᠤ ᠤᠷᠠᠨ ᠰᠠᠢᠢᠬᠠᠨ ᠤ ᠦᠳᠡᠰᠢᠯᠡᠬᠡ ᠶᠠᠪᠤᠭᠳᠠᠭᠤᠯᠵᠤ᠂ ᠠᠷᠤ ᠦᠪᠦᠷ ᠨᠤᠳᠤᠭ ᠵᠢᠡᠷ ᠠᠯᠳᠠᠷ ᠨᠠᠷ᠎ᠠ ᠪᠠᠨ ᠮᠠᠨᠳᠤᠭᠤᠯᠵᠤ ᠶᠠᠪᠤᠭ᠎ᠠ ᠤᠷᠠᠨᠴᠢᠮᠡᠭ᠂ ᠨᠠᠪᠴᠢ᠂ ᠷᠢᠨᠴᠢᠨᠬᠤᠸᠠᠷ᠂ ᠪᠦᠷᠢᠨᠳᠡᠯᠬᠡᠷ ᠵᠡᠷᠬᠡ ᠬᠡᠷᠰᠡᠩ ᠨᠤᠳᠤᠭᠳᠠᠢ ᠲᠠᠭᠤᠴᠢᠳ ᠪᠠ ᠲᠠᠮᠤᠷ ᠳᠤᠭᠤᠷᠠᠢ ᠬᠠᠮᠳᠤᠯᠢᠭ ᠤᠨ ᠠᠬᠠᠯᠠᠭᠴᠢ ᠲᠠᠮᠤᠷ᠎ᠠ ᠵᠢᠴᠢ ᠬᠡᠷᠰᠡᠩ ᠰᠤᠮᠤᠨ ᠤ ᠮᠠᠯᠴᠢᠨ ᠤᠯᠠᠭᠠᠨᠮᠦ᠋ᠴᠢᠷ ᠤᠨ ᠳᠤᠭᠯᠠᠭᠴᠢᠳ ᠡᠴᠡ ᠭᠤᠢᠢᠳᠠ ᠰᠠᠢᠢᠬᠠᠨ ᠳᠤᠭᠯᠠᠯᠳᠠ ᠭᠠᠷᠭᠠᠵᠤ᠂ ᠬᠡᠷᠰᠡᠩ ᠰᠤᠮᠤᠨ ᠤ ᠮᠠᠯᠴᠢᠨ ᠲᠦᠮᠡᠨ ᠤ ᠰᠤᠨᠤᠷ ᠢ ᠮᠢᠯᠢᠶᠠᠨ ᠬᠠᠷᠠᠭ᠎ᠠ ᠵᠢ ᠪᠠᠶᠠᠰᠬᠠᠵᠠᠢ᠃

  ᠤᠢᠢᠯᠠᠭᠠᠭᠰᠠᠨ ᠵᠢᠡᠷ᠂ ᠳᠤᠰ ᠤᠳᠠᠭᠠᠨ ᠤ ᠨᠠᠭᠠᠳᠤᠮ ᠤᠨ ᠬᠤᠷᠠᠯ ᠨᠢ《ᠤᠭ ᠵᠤᠷᠢᠯᠲᠠ ᠪᠠᠨ ᠦᠯᠦ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ》ᠭᠤᠤᠯ ᠰᠠᠳᠤᠪᠳᠤ ᠬᠦᠮᠦᠵᠢᠯ ᠢ ᠢᠳᠡᠪᠬᠢᠳᠡᠢ ᠦᠷᠨᠢᠬᠦᠯᠵᠦ᠂ ᠠᠷᠠᠳ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠡᠷᠰᠡᠩ ᠰᠤᠮᠤᠨ ᠤ ᠪᠡᠶ᠎ᠠ ᠲᠠᠮᠢᠷ᠂ ᠰᠤᠶᠤᠯ ᠤᠨ ᠦᠢᠯᠡᠰ ᠤᠨ ᠬᠦᠭᠵᠢᠯᠳᠡ ᠵᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ ᠤᠢᠢᠷ᠎ᠠ ᠵᠢᠨ ᠵᠢᠯ ᠤᠨ ᠳᠤᠷᠰᠢ᠂ ᠬᠡᠷᠰᠡᠩ ᠰᠤᠮᠤ ᠨᠢ《ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠢᠢᠯᠠᠯᠳᠤᠭᠠᠨ ᠢ ᠪᠦᠬᠦ ᠲᠠᠯ᠎ᠠ ᠪᠠᠷ ᠰᠠᠢᠢᠳᠤᠷ ᠬᠢᠵᠦ᠂ ᠦᠵᠡᠰᠬᠦᠯᠡᠩᠳᠤ ᠰᠠᠢᠢᠬᠠᠨ ᠬᠡᠷ ᠤᠷᠤᠨ ᠵᠢᠡᠨ ᠪᠦᠳᠦᠬᠡᠨ ᠪᠠᠢᠢᠭᠤᠯᠬᠤ》ᠪᠠᠷ ᠬᠠᠷᠠᠯᠳᠠ ᠪᠠᠨ ᠪᠤᠯᠭᠠᠵᠤ᠂ ᠤᠶᠤᠨ ᠬᠦᠴᠦᠨ ᠵᠢᠡᠨ ᠲᠦᠪᠯᠡᠷᠡᠬᠦᠯᠦᠨ ᠶᠠᠳᠠᠭᠤ ᠵᠢ ᠲᠡᠳᠬᠦᠬᠦ ᠠᠵᠢᠯ ᠢ ᠰᠠᠢᠢᠳᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠲᠦᠬᠦᠬᠡᠷᠦᠮᠵᠢ ᠵᠢ ᠰᠠᠢᠢᠵᠢᠷᠠᠭᠤᠯᠤᠨ᠂ ᠰᠢᠨ᠎ᠠ ᠮᠠᠶ᠊ᠢᠭ ᠤᠨ ᠮᠠᠯ ᠠᠵᠤ ᠠᠬᠤᠢ ᠵᠢ ᠬᠦᠭᠵᠢᠬᠦᠯᠵᠦ᠂ ᠤᠰᠤ ᠠᠷᠪᠢᠯᠠᠬᠤ ᠤᠷᠭᠠᠨᠢᠭ ᠲᠠᠷᠢᠶᠠᠯᠠᠩ ᠠᠵᠤ ᠠᠬᠤᠢ ᠵᠢ ᠠᠬᠢᠭᠤᠯᠬᠤ ᠵᠢᠨ ᠲᠠᠭᠠᠤ ᠦᠨᠳᠦᠰᠦᠳᠡᠨ ᠤ ᠰᠤᠶᠤᠯ ᠪᠠ ᠵᠢᠭᠤᠯᠴᠢᠯᠠᠯ ᠤᠨ ᠠᠭᠤᠰᠤᠯᠴᠠᠯ  ᠢ ᠠᠬᠢᠭᠤᠯᠵᠤ᠂ ᠠᠵᠤ ᠦᠢᠯᠡᠰ ᠤᠨ ᠬᠦᠭᠵᠢᠯᠳᠡ ᠵᠢᠨ ᠳᠤᠳᠤᠭᠠᠳᠤ ᠬᠦᠳᠡᠯᠭᠡᠭᠴᠢ ᠬᠦᠴᠦᠨ ᠢ ᠲᠡᠭᠡᠭᠰᠢᠯᠡᠬᠦᠯᠦᠨ᠂ ᠮᠠᠯ ᠠᠵᠤ ᠠᠬᠤᠢ ᠪᠠᠷ ᠭᠤᠤᠯ ᠪᠤᠯᠭᠠᠵᠤ ᠤᠯᠠᠨ ᠵᠦᠢᠯ ᠤᠨ ᠠᠵᠤ ᠦᠢᠯᠡᠰ ᠵᠡᠷᠬᠡᠪᠡᠷ ᠬᠦᠭᠵᠢᠭᠰᠡᠨ ᠰᠢᠨ᠎ᠠ ᠪᠠᠢᠢᠳᠠᠯ ᠢ ᠪᠤᠢ ᠪᠤᠯᠭᠠᠭᠰᠠᠨ ᠪᠠᠢᠢᠨ᠎ᠠ᠃ ( ᠵᠢᠷᠤᠭ ᠨᠡᠶᠢᠲᠡᠯᠡᠯ ᠢ ᠤᠯᠠᠭᠠᠨᠬᠠᠳᠠ ᠵᠢᠨ ᠡᠳᠦᠷ ᠤᠨ ᠰᠤᠨᠢᠨ ᠤ ᠰᠤᠷᠪᠤᠯᠵᠢᠯᠠᠭᠴᠢ ᠶᠤᠸᠠᠢ ᠵᠢᠨ ᠰᠢᠩ ᠬᠠᠩᠭᠠᠪᠠ )

cabf5fec-80cc-402a-a713-0a8fe5ecfc0f.jpg

3d8e1d7f-7776-4ac7-be69-67c2fbb5667c.jpg

ᠢᠷᠡᠯᠳᠡ : 

 ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ