ᠵᠢᠯ ᠪᠦᠷᠢ ᠶᠢᠨ 8 ᠰᠠᠷ᠎ᠠ ᠶᠢᠨ ᠬᠤᠶᠠᠳᠤᠭᠠᠷ ᠭᠠᠷᠠᠭ ᠪᠣᠯ《ᠳᠤᠮᠳᠠᠳᠤ ᠤᠯᠤᠰ ᠤᠨ ᠬᠠᠷᠰᠢᠯ ᠢ  ᠰᠡᠷᠭᠡᠶᠢᠯᠡᠨ‌ᠵᠠᠰᠠᠬᠤ ᠭᠠᠷᠠᠭ》ᠪᠣᠯᠬᠤ ᠶᠤᠮ᠂ 《ᠢᠳᠡᠭᠡᠨ ᠤ ᠬᠠᠷᠰᠢᠯ ᠳᠤ ᠠᠩᠬᠠᠷᠤᠯ ᠢᠶᠠᠨ ᠲᠠᠯᠪᠢᠶ᠎ᠠ》 ᠭᠡᠳᠡᠭ ᠪᠤᠯ ᠡᠨᠡ ᠵᠢᠯ ᠤᠨ ᠭᠤᠤᠯ‌‍ᠰᠡᠳᠦᠪ ᠪᠣᠯᠤᠨ᠎ᠠ᠃ ᠨᠡᠶᠢᠭᠡᠮ ᠠᠵᠤ ᠠᠬᠤᠢ ᠶᠢᠨ ᠬᠥᠭᠵᠢᠯᠲᠡ  ᠪᠠ  ᠠᠮᠢᠳᠤᠷᠠᠯ ᠤᠨ  ᠠᠷᠭ᠎ᠠ  ᠮᠠᠶ᠋ᠢᠭ  ᠲᠠᠰᠤᠷᠠᠯᠲᠠ ᠥᠬᠡᠶ‌ ᠬᠤᠪᠢᠷᠠᠬᠤ ᠶᠢ ᠳᠠᠭᠠᠯᠳᠤᠨ᠂ ᠢᠳᠡᠭᠡᠨ ᠤ ᠬᠠᠷᠰᠢᠯ ᠪᠠᠭ᠋ᠠᠨ ᠤᠯᠠᠰᠢᠷᠠᠵᠤ ᠪᠤᠢ᠂ ᠢᠳᠡᠭᠡᠨ  ᠤᠮᠳᠠᠭᠠᠨ ᠤ  ᠠᠶᠤᠯ ᠢ  ᠬᠡᠷᠬᠢᠨ‌ᠠᠷᠢᠯᠭᠠᠬᠤ ᠪᠣᠶ︖

ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠫᠷᠣᠫᠧᠰᠰᠤᠷ ᠶᠢᠨ ᠵᠢᠶᠠ ᠬᠡᠯᠡᠬᠦ ᠳᠡᠭᠡᠨ᠂  ᠢᠳᠡᠭᠡᠨ ᠳᠦ ᠬᠠᠷᠰᠢᠬᠤ ᠦᠵᠡᠭᠳᠡᠯ ᠪᠦᠬᠦ ᠳᠡᠯᠡᠬᠡᠢ ᠳᠤ ᠵᠢᠯ ᠳᠠᠷᠠᠭᠠᠯᠠᠨ ᠨᠡᠮᠡᠳᠡᠬᠦ  ᠬᠠᠨᠳᠤᠰᠢ  ᠲᠠᠢ  ᠪᠤᠯᠵᠤ᠂  ᠪᠠᠭ᠎ᠠ  ᠨᠠᠰᠤᠨ ᠤ ᠬᠥᠮᠦᠰ‌ ᠢᠳᠡᠭᠡᠨ ᠤ ᠬᠠᠷᠰᠢᠯ ᠳᠤ ᠨᠡᠷᠪᠡᠭᠳᠡᠬᠦ ᠨᠢ ᠨᠠᠩ  ᠴᠤ  ᠮᠡᠳᠡᠭᠳᠡᠮ᠎ᠡ ᠨᠡᠮᠡᠭᠳᠡᠵᠦ  ᠪᠤᠢ᠃  ᠢᠳᠡᠭᠡᠨ ᠳᠤ  ᠬᠠᠷᠰᠢᠪᠠᠯ ᠠᠷᠠᠰᠤ᠂ᠬᠤᠳᠣᠭᠤᠳᠣ ᠬᠡᠳᠡᠰᠦ᠂ ᠠᠮᠢᠰᠬᠤᠯ ᠤᠨ  ᠵᠠᠮ ᠤᠨ ᠡᠪᠡᠳᠴᠢᠨ ᠤ  ᠪᠠᠶᠢᠳᠠᠯ  ᠢᠯᠡᠷᠡᠵᠦ᠂ ᠴᠢᠨᠠᠭᠰᠢᠯᠠᠪᠠᠯ ᠠᠮᠢ  ᠨᠠᠰᠤ ᠵᠢ‌‍ ᠰᠦ᠋ᠷᠳᠡᠭᠦᠯᠬᠦ ᠠᠮᠢᠰᠬᠤᠯ ᠪᠦᠭᠯᠡᠷᠡᠬᠦ  ᠪᠡ ᠮᠠᠨᠠᠷᠠᠬᠤ  ᠪᠠᠶᠢᠳᠠᠯ ᠭᠠᠷᠴᠤ  ᠮᠡᠳᠡᠨ᠎ᠡ᠃  ᠠᠮᠢ  ᠨᠠᠰᠤᠨ ᠤ  ᠠᠶᠤᠯᠳᠤ ᠪᠠᠶᠢᠳᠠᠯ‌ ᠭᠠᠷᠤᠬᠰᠠᠨ ᠠᠴᠠ ᠪᠤᠯᠤᠬᠰᠠᠨ ᠠᠶᠤᠵᠤ ᠡᠮᠢᠶᠡᠬᠦ ᠶᠠᠪᠤᠳᠠᠯ ᠨᠢ ᠢᠳᠡᠭᠡᠨ ᠳᠤ ᠬᠠᠷᠰᠢᠬᠰᠠᠨ ᠵᠠᠷᠢᠮ ᠡᠪᠡᠳᠴᠢᠲᠡᠨ ᠵᠢᠴᠢ ᠲᠡᠭᠦᠨ ‍ᠤ‌‍ᠭᠡᠷ ᠪᠦᠯᠢ ᠶᠢᠨ ᠠᠮᠢᠳᠤᠷᠠᠯ ᠤᠨ ᠶᠠᠰᠤ ᠴᠢᠨᠠᠷ ᠢ ᠨᠢ ᠬᠦᠨᠳᠦ ᠨᠣᠴᠢᠲᠠᠶ ᠨᠥᠯᠥᠭᠡᠯᠡᠵᠦ ᠪᠠᠶᠢᠳᠠᠭ᠃

《ᠢᠳᠡᠭᠡᠨ ᠳᠤ ᠬᠠᠷᠰᠢᠬᠤ ᠶᠢ ᠦᠨᠳᠦᠰᠦᠨ ᠠᠴᠠ ᠨᠢ ᠵᠠᠰᠠᠬᠤ  ᠪᠦᠲᠦᠮᠵᠢᠲᠡᠶ ᠠᠷᠭ᠎ᠠ ᠪᠠᠶᠢᠬᠤ ᠥᠬᠡᠶ᠂ᠬᠠᠷᠰᠢᠮᠠᠲᠠᠭᠠᠢ ᠢᠳᠡᠭᠡᠨ ᠢ ᠢᠳᠡᠬᠦ ᠠᠴᠠ ᠵᠠᠶᠢᠯᠠᠰᠬᠢᠵᠦ ᠡᠪᠡᠳᠴᠢᠨ ᠡᠭᠦᠰᠬᠦ ᠶᠢ  ᠰᠡᠷᠭᠡᠶᠢᠯᠡᠬᠦ  ᠪᠠ ᠲᠦᠷᠭᠡᠨ  ᠡᠮᠴᠢᠯᠡᠭᠡ ᠪᠠᠷ‌ᠠᠪᠤᠷᠠᠬᠤ ᠪᠣᠯ  ᠣᠳᠣᠬᠠᠨ ᠤ  ᠴᠣᠷ ᠤᠨ  ᠭᠠᠭᠴᠠ ᠪᠣᠯᠤᠮᠵᠢᠲᠠᠶ  ᠠᠷᠭ᠎ᠠ  ᠬᠡᠮᠵᠢᠶ᠎ᠡ  ᠪᠣᠯᠤᠨ᠎ᠠ᠃  ᠡᠶᠢᠮᠦ ᠠᠴᠠ  ᠨᠠᠷᠢᠯᠢᠭ‌ ᠣᠨᠣᠪᠴᠢᠲᠠᠶ ᠪᠠᠷ ᠣᠨᠣᠰᠢᠯᠠᠬᠤ ᠪᠤᠯ ᠲᠤᠶᠢᠯ ᠤᠨ ᠴᠢᠬᠤᠯᠠ ᠶᠤᠮ》 ᠬᠡᠵᠡᠢ᠃ ᠶᠢᠨ ᠵᠢᠶᠠ ᠶᠢᠨ ᠦᠵᠡᠬᠦ ᠪᠠᠷ᠂ ᠢᠳᠡᠭᠡᠨ ᠳᠦ ᠬᠠᠷᠰᠢᠬᠤ ᠲᠤᠬᠠᠶ ᠬᠥᠮᠦᠰ ᠤᠨ ᠲᠠᠨᠢᠯᠲᠠ ᠶᠡᠷᠦᠩᠬᠡᠶ ᠳᠡᠭᠡᠨ ᠨᠡᠯᠢᠶᠡᠳ ᠬᠢᠵᠠᠭᠠᠷ ᠲᠠᠢ  ᠪᠠᠶᠢᠬᠤ  ᠪᠦᠭᠡᠳ  ᠬᠡᠰᠡᠭ  ᠡᠮᠴᠢ ᠵᠢᠨ‌‍ᠲ᠋ᠤᠷᠰᠢᠯᠭ᠎ᠠ ᠳᠤᠲᠠᠮᠠᠭ᠂ ᠣᠨᠣᠰᠢᠯᠠᠬᠤ ᠠᠷᠭ᠎ᠠ ᠨᠢ ᠵᠣᠬᠢᠰ ᠥᠬᠡᠶ ᠪᠤᠶᠤ ᠬᠡᠲᠦ ᠣᠨᠣᠰᠢᠯᠠᠬᠰᠠᠨ ᠠᠴᠠ ᠪᠤᠯᠵᠤ᠂ ᠡᠪᠡᠳᠴᠢᠯᠡᠭᠰᠡᠨ‌‍ᠬᠡᠤᠬᠡᠳ ᠵᠢᠴᠢ ᠭᠡᠷ ᠪᠦᠯᠢ ᠳᠤᠨᠢ ᠴᠢᠬᠤᠯᠠ ᠪᠤᠰᠤ ᠡᠮᠢᠶᠡᠯ ᠵᠣᠪᠠᠨᠢᠯ ᠢ ᠠᠪᠴᠢᠷᠠᠵᠤ᠂ ᠲᠡᠳᠡᠨ ᠤ ᠡᠪᠡᠳᠴᠢᠨ ᠡᠮᠭᠡᠭ ᠤᠨ ᠲᠤᠬᠠᠢ‌‍ᠲ᠋ᠠᠷᠤᠭᠠᠰᠤ ᠶᠢ ᠨᠢ ᠬᠦᠨᠳᠦᠷᠡᠭᠦᠯᠵᠦ ᠪᠠᠶᠢᠨ᠎ᠠ ᠬᠡᠪᠡ᠃ ᠲᠡᠷᠡ ᠬᠡᠯᠡᠬᠦ ᠳᠡᠭᠡᠨ᠂ ᠠᠷᠠᠰᠤᠨ ᠤ ᠲᠤᠷᠰᠢᠯᠲᠠ᠂ ᠬᠠᠷᠰᠢᠭᠤᠯᠤᠬᠴᠢ ᠵᠢᠨ‌ᠥᠪᠡᠷᠮᠢᠴᠡ ᠴᠢᠨᠠᠷ ᠪᠦᠬᠦᠢ I g E ᠶᠢᠨ ᠰᠢᠯᠭᠠᠨ ᠪᠠᠶᠢᠴᠠᠭᠠᠯᠲᠠ ᠪᠠ ᠢᠳᠡᠭᠡᠨ ᠢ ᠬᠥᠭᠵᠢᠭᠡᠬᠦ ᠲᠤᠷᠰᠢᠯᠲᠠ ᠵᠡᠷᠭᠡ  ᠭᠤᠷᠪᠠᠨ‌ᠵᠦ᠋ᠢᠯ ᠤᠨ ᠠᠷᠭ᠎ᠠ ᠶᠢ ᠡᠪᠡᠳᠴᠢᠨ ᠤ ᠲᠡᠤᠬᠡ ᠶᠢ ᠯᠠᠪᠯᠠᠨ ᠠᠰᠠᠭᠤᠬᠤ ᠲᠠᠢ ᠤᠶᠠᠯᠳᠤᠭᠤᠯᠤᠨ ᠬᠢᠬᠦ  ᠪᠤᠯ  ᠰᠠᠶ᠋ᠢ ᠣᠨᠣᠪᠴᠢᠲᠠᠶ‌ ᠣᠨᠣᠰᠢᠯᠠᠬᠤ ᠠᠷᠭ᠎ᠠ ᠪᠣᠯᠤᠨ᠎ᠠ᠂ ᠢᠳᠡᠭᠡᠨ ᠤ ᠬᠠᠷᠰᠢᠭᠤᠯᠤᠬᠴᠢ ᠶᠢᠨ ᠥᠪᠡᠷᠮᠢᠴᠡ ᠴᠢᠨᠠᠷ ᠪᠦᠬᠦᠢ 1  g  G ᠶᠢᠨ ᠰᠢᠯᠭᠠᠨ‌‍ᠪᠠᠶᠢᠴᠠᠭᠠᠯᠲᠠ ᠶᠢᠨ ᠠᠷᠭ᠎ᠠ ᠶᠢ ᠬᠡᠷᠡᠭᠯᠡᠬᠦ ᠶᠢ ᠴᠢᠬᠤᠯᠠᠴᠢᠯᠠᠬᠤ ᠥᠬᠡᠶ ᠭᠡᠵᠡᠶ᠃

ᠠᠮᠢᠰᠬᠤᠯ ᠪᠦᠭᠯᠡᠷᠡᠬᠦ ᠪᠤᠶᠤ ᠮᠠᠨᠠᠷᠠᠬᠤ ᠵᠡᠷᠭᠡ ᠠᠮᠢ ᠨᠠᠰᠤ ᠶᠢ ᠰᠦᠷᠳᠡᠬᠦᠯᠵᠦ ᠮᠡᠳᠡᠬᠦ ᠢᠳᠡᠭᠡᠨ ᠤ  ᠬᠠᠷᠰᠢᠯ  ᠡᠭᠦᠰᠭᠦ ᠲ᠋ᠤᠬᠠᠶ ᠲᠤᠰᠬᠠᠶ  ᠮᠡᠷᠭᠡᠵᠢᠯᠲᠡᠨ ᠠᠴᠠ᠂ ᠬᠠᠷᠰᠢᠭᠤᠯᠤᠬᠴᠢ ᠶᠢ  ᠮᠡᠳᠡᠭᠰᠡᠨ ᠤ  ᠲᠠᠷᠠᠭ᠎ᠠ  ᠬᠠᠷᠰᠢᠬᠤ  ᠢᠳᠡᠭᠡᠨ  ᠢᠳᠡᠬᠦ ᠡᠴᠠ‌ ᠵᠠᠶᠢᠯᠠᠰᠬᠢᠬᠦ ᠠᠴᠠ ᠭᠠᠳᠠᠨ᠎ᠠ᠂ ᠡᠪᠡᠳᠴᠢᠲᠡᠨ ᠪᠡᠶ᠎ᠡ ᠳᠡᠭᠡᠨ ᠪᠦᠭᠡᠷᠡᠨ ᠲᠡᠭᠡᠳᠦ ᠪᠤᠯᠴᠢᠷᠬᠠᠢ ᠶᠢᠨ ᠡᠳ᠋ ᠤᠨ ᠠᠦ᠋ᠲ᠋ᠣ᠋ ᠲᠠᠷᠢᠯᠭ᠎ᠠ ᠵᠢᠨ‌‍ ᠪᠢᠷ ᠠᠪᠴᠤ ᠶᠠᠪᠤᠨ ᠪᠠᠴᠢᠮ ᠠᠪᠤᠷᠠᠯᠳᠠ ᠶᠢᠨ ᠬᠡᠷᠡᠭᠴᠡᠭᠡ ᠳᠤ ᠪᠡᠯᠡᠳᠬᠡᠬᠦ ᠬᠡᠷᠡᠭᠳᠡᠢ ᠬᠡᠵᠦ ᠴᠢᠬᠤᠯᠠᠴᠢᠯᠠᠨ ᠬᠡᠯᠡᠪᠡ᠃  ᠶᠢᠨ‌ ᠵᠢᠶᠠ ᠬᠡᠯᠡᠬᠦ ᠳᠡᠭᠡᠨ᠂ ᠠᠮᠢ ᠨᠠᠰᠤ ᠶᠢ ᠰᠦᠷᠳᠡᠭᠦᠯᠬᠦ ᠬᠦᠨᠳᠦ ᠨᠣᠴᠢᠲᠠᠶ ᠢᠳᠡᠭᠡᠨ ᠤ ᠬᠠᠷᠰᠢᠯ ᠠᠴᠠ ᠠᠪᠤᠷᠠᠬᠤ ᠰᠢᠵᠢᠷ ᠠᠯᠳᠠᠨ‌‍ᠴᠠᠭ ᠬᠤᠭᠤᠴᠠᠭ᠎ᠠ ᠪᠤᠯ ᠵᠥᠪᠬᠡᠨ ᠬᠠᠭᠠᠰ ᠴᠠᠭ ᠪᠤᠶᠤ ᠴᠢᠨᠠᠭᠰᠢᠯᠠᠪᠠᠯ ᠬᠡᠳᠦᠨ ᠮᠢᠨᠦ᠋ᠲ  ᠪᠤᠯᠤᠨ᠎ᠠ᠂  ᠡᠶᠢᠮᠦ ᠠᠴᠠ  ᠡᠷᠬᠡᠪᠰᠢ‌ ᠠᠮᠢᠰᠬᠤᠯ ᠪᠦᠭᠯᠡᠷᠡᠬᠦ᠂ ᠮᠠᠨᠠᠷᠠᠬᠤ ᠢᠯᠡᠷᠡᠯ ᠭᠠᠷᠬᠤ ᠠᠴᠠ ᠡᠮᠦᠨ᠎ᠡ᠂ ᠪᠤᠯᠴᠢᠩ ᠮᠢᠬ᠎ᠠ ᠪᠠᠷ ᠪᠦᠭᠡᠷᠡᠨ ᠲᠡᠭᠡᠳᠦ  ᠪᠤᠯᠴᠢᠷᠬᠠᠶ ᠵᠢᠨ‌ᠡᠳ᠋ ᠲᠠᠷᠢᠵᠤ ᠠᠪᠤᠷᠠᠯᠳᠡ ᠬᠢᠬᠦ ᠬᠡᠷᠡᠭᠲᠡᠶ᠃ ᠪᠦᠭᠡᠷᠡᠨ ᠲᠡᠭᠡᠳᠦ ᠪᠤᠯᠴᠢᠷᠬᠠᠶ ᠶᠢᠨ  ᠡᠳ᠋ ᠨᠢ  ᠤᠬᠤᠷᠬᠠᠨ  ᠴᠠᠬ ᠤᠨ  ᠳᠣᠲᠣᠷ᠎ᠠ‌‍ ᠪᠦ᠋ᠬᠦ ᠪᠡᠶ᠎ᠡ ᠶᠢᠨ ᠴᠢᠰᠤᠨ ᠰᠤᠳᠠᠯ ᠢ ᠠᠪᠴᠢᠭᠤᠯᠵᠤ᠂ ᠵᠢᠷᠦᠬᠡᠨ ᠪᠤᠯᠴᠢᠩ ᠤᠨ ᠠᠭᠰᠢᠬᠤ ᠬᠦᠴᠦᠨ ᠢ ᠨᠡᠮᠡᠭᠳᠡᠭᠦᠯᠦᠨ᠂ ᠵᠢᠷᠦᠭᠡᠨ‌‍ ᠴᠢᠰᠤᠨ ᠤ ᠪᠠᠭᠲᠠᠭᠠᠮᠵᠢ ᠶᠢ ᠨᠡᠮᠡᠭᠳᠡᠭᠦᠯᠵᠦ᠂ ᠴᠢᠰᠤᠨ ᠳᠠᠷᠤᠯᠲᠠ ᠶᠢ ᠦᠳᠲᠡᠷ ᠲᠦᠷᠭᠡᠨ ᠳᠡᠭᠡᠭᠰᠢᠯᠡᠭᠦᠯᠬᠦ ᠪᠤᠯᠤᠨ᠎ᠠ ᠬᠡᠪᠡ᠃

ᠢᠷᠡᠯᠳᠡ : 

 ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ