9 ᠰᠠᠷ᠎ᠠ ᠶᠢᠨ 2 ᠤᠨ ᠡᠳᠦᠷ ᠤᠨ ᠦᠳᠡ ᠬᠤᠶᠢᠨ᠎ᠠ᠂ ᠠᠷᠪᠠᠨ ᠨᠢᠭᠡᠳᠦᠭᠡᠷ ᠬᠤᠭᠤᠴᠠᠭᠠᠨ  ᠤ  ᠪᠥᠬᠦ  ᠤᠯᠤᠰ ‍ᠤᠨ‌ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠦᠶᠴᠡᠳᠬᠡᠬᠦ ᠺᠣᠮᠢᠰ ᠵᠧᠩᠵᠧᠦ ᠶᠢᠨ ᠣᠯᠢᠮᠫᠢᠺ ᠤᠨ ᠪᠡᠶ᠎ᠡ ᠶᠢᠨ ᠲᠠᠮᠢᠷ‌‍ᠤᠨ ᠲᠥᠪ ᠲᠤ ᠳᠥᠷᠪᠡᠳᠦᠭᠡᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃  ᠲᠠᠨᠢᠯᠴᠠᠭᠤᠯᠤᠭᠰᠠᠨ  ᠢᠶᠠᠷ᠂  ᠲᠣᠰ‌ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ  34᠂  ᠲᠠᠮᠢᠷᠴᠢᠨ  7009  ᠨᠡᠷ᠎ᠡ᠂ ᠴᠥᠮ ᠦᠩᠭᠡᠷᠡᠭᠰᠡᠨ ᠤ ᠬᠠᠮᠤᠭ ᠤᠨ ᠦᠨᠳᠦᠷ ᠬᠡᠮᠵᠢᠭᠳᠡᠯ ᠳᠤ ᠬᠦᠷᠴᠡᠢ᠃ 

ᠤᠷᠤᠯᠳᠤᠭᠠᠨ ᠤ ᠦᠵᠡᠭᠦᠯᠦᠯᠭᠡ ᠶᠢᠨ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ  ᠲᠠᠨᠢᠯᠴᠠᠭᠤᠯᠤᠭᠰᠠᠨ‌‍ᠢᠶ᠋ᠠᠷ᠂ ᠲᠣᠰ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ  ᠤᠷᠤᠯᠳᠤᠭᠠᠨ  ᠤ  ᠲᠣᠭᠯᠠᠯᠲᠠ   ᠳᠦ ᠨᠡᠶᠢᠲᠡ 18 ᠳᠠᠩ ᠵᠦᠶᠯ ᠪᠣᠶ᠂ ᠮᠣᠷᠢᠨ ᠳᠡᠭᠡᠷᠡᠬᠢ ᠤᠷᠤᠯᠳᠤᠭᠠᠨ ᠤ ᠵᠦᠶᠯ 7 ᠰᠠᠷ᠎ᠠ ᠶᠢᠨ 12 ᠤᠨ ᠡᠳᠦᠷ ᠠᠴᠠ 17  ‍ᠦ‌ᠡᠳᠦᠷ ᠪᠣᠯᠲᠠᠯ᠎ᠠ ᠬᠥᠬᠡᠬᠤᠲᠠ ᠳᠤ ᠲᠡᠭᠦᠰ ᠠᠮᠵᠢᠯᠲᠠ ᠲᠠᠢ ᠲᠡᠭᠦᠰᠴᠦ᠂ ᠪᠤᠰᠤᠳ 17 ᠳᠠᠩ ᠵᠦᠶᠯ᠂ 131 ᠪᠠᠭ᠎ᠠ  ᠲᠥᠷᠥᠯ‌‍ᠦᠨ ᠤᠷᠤᠯᠳᠤᠭᠠᠨ ᠵᠧᠩᠵᠧᠦ ᠶᠢᠨ 10 ᠶᠡᠭᠡ ᠳᠡᠭᠡᠳᠦ ᠰᠤᠷᠭᠠᠭᠤᠯᠢ (ᠨᠢᠭᠡᠴᠡ)᠂ 16 ᠲᠠᠯᠠᠪᠠᠢ ᠣᠷᠳᠣᠨ  ᠳᠤ ᠶᠠᠪᠤᠭᠳᠠᠬᠤ‌‍ ᠪᠣᠯᠤᠨ᠎ᠠ︔ ᠲᠥᠯᠥᠭᠡᠯᠡᠭᠴᠢᠳ ᠤᠨ ᠪᠦᠯᠬᠦᠮ 34᠂ ᠲᠠᠮᠢᠷᠴᠢᠨ 7009 ᠳᠤ ᠬᠦᠷᠴᠦ᠂ ᠪᠥᠬᠦ ᠤᠯᠤᠰ ᠤᠨ ᠴᠥᠭᠡᠨ ᠲᠣᠭᠠᠲᠤ‌ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠰᠡᠨ ᠠᠴᠠ ᠨᠠᠰᠢᠬᠢ ᠬᠡᠪᠴᠢᠶ᠎ᠡ ᠪᠠᠷ ᠬᠠᠮᠤᠭ ‍ᠤᠨ‌‍ᠶᠡᠭᠡ ᠨᠢᠭᠡ ᠬᠤᠭᠤᠴᠠᠭ᠎ᠠ ᠪᠣᠯᠤᠨ᠎ᠠ᠃ ᠡᠭᠦᠨ ᠠᠴᠠ ᠭᠠᠳᠠᠨ᠎ᠠ᠂ ᠲᠣᠰ ᠬᠤᠭᠤᠴᠠᠭᠠᠨ ᠤ ᠲᠠᠮᠢᠷ  ᠤᠨ  ᠴᠤᠭᠯᠠᠭᠠᠨ  ᠨᠢ  ᠪᠠᠰᠠ‌ᠾᠧᠨᠠᠨ ᠮᠤᠵᠢ ᠶᠢᠨ ᠵᠡᠪᠰᠡᠭ ᠤᠨ  ᠡᠷᠳᠡᠮ ᠤᠨ  ᠲᠣᠮᠣ  ᠮᠤᠵᠢ  ᠶᠢᠨ  ᠳᠠᠪᠠᠭᠤᠯᠢᠭ  ᠢ  ᠳᠣᠪᠣᠶᠢᠯᠭᠠᠵᠤ᠂ 《ᠱᠣᠣ  ᠯᠢᠨ ‍ᠦ‌ᠨᠢᠳᠤᠷᠭ᠎ᠠ》 ᠪᠣᠯᠤᠨ 《ᠴᠧᠨ ᠣᠪᠣᠭᠲᠤ ᠶᠢᠨ ᠲᠠᠢ ᠵᠢᠶ ᠨᠢᠳᠤᠷᠭ᠎ᠠ ᠵᠡᠷᠭᠡ ᠨᠢ ᠴᠦ ᠨᠢᠭᠡᠳ ᠨᠢᠭᠡ ᠪᠠᠷ ᠢᠯᠡᠷᠡᠬᠦ ᠪᠣᠯᠤᠨ᠎ᠠ᠃ 

ᠢᠷᠡᠯᠳᠡ : 

ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ