1dd0f5fa-963d-4de7-91f2-7f078e87377c.jpg

ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠴᠥᠭᠡᠨ  ᠲᠣᠭᠠᠲᠤ‌ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ  8 ᠤ  ᠡᠳᠦᠷ  ᠾᠧᠨᠠᠨ ᠤ  ᠵᠧᠩᠵᠧᠤ ᠳᠤ  ᠦᠪᠡᠳᠡᠭᠰᠢ‌‍ ᠶᠡᠬᠡᠪᠡᠷ ᠡᠬᠢᠯᠡᠪᠡ᠃ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ  ᠲᠣᠪᠴᠢᠶᠠᠨ ᠤ  ᠪᠠᠶᠢᠩᠭᠤ ᠶᠢᠨ  ᠭᠡᠰᠢᠭᠦᠨ᠂ ᠪᠦᠬᠦ‍‌ ᠤᠯᠤᠰ ᠤᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

ᠡᠷᠲᠡᠨ ᠤ ᠨᠡᠶᠢᠰᠯᠡᠯ ᠵᠧᠩᠵᠧᠤ ᠳᠤ ᠥᠩᠭᠡᠲᠦ ᠳ᠋ᠧᠩ ᠳᠤᠸᠠᠯᠠᠵᠤ᠂ ᠳᠤᠮᠳᠠᠳᠤ ᠣᠷᠣᠨ ᠤ ᠡᠬᠡ ᠭᠠᠵᠠᠷ ᠲᠤ ᠲᠦᠮᠡᠨ‌ᠣᠯᠠᠨ ᠢᠶᠠᠷ ᠢᠶᠠᠨ ᠪᠠᠶᠠᠷᠯᠠᠨ ᠬᠥᠭᠡᠷᠦᠯᠳᠦᠨ᠎ᠡ᠃ ᠤᠯᠢᠮᠫᠢᠺ ᠤᠨ ᠪᠡᠶ᠎ᠡ ᠶᠢᠨ ᠲᠠᠮᠢᠷ ᠤᠨ ᠲᠦᠪ ᠳᠠᠬᠢ ᠲᠠᠮᠢᠷ ᠤᠨ  ᠲᠠᠯᠠᠪᠠᠢ ᠳᠤ᠂56 ᠦᠨᠳᠦᠰᠦᠲᠡᠨ ᠨᠢᠭᠡ ᠲᠠᠩᠬᠢᠮ ᠳᠤ ᠴᠤᠭᠯᠠᠷᠠᠵᠤ᠂ ᠪᠦᠯᠬᠦᠮᠳᠡᠨ ᠲᠡᠮᠡᠴᠡᠬᠦ ᠢᠷᠠᠭᠤ ᠡᠭᠡᠰᠢᠭᠳᠦ ᠬᠥᠭ ᠠᠶᠠᠰ ᠢ ᠬᠠᠮᠲᠤ ᠪᠠᠷ‌‍ ᠴᠢᠪᠬᠠᠳᠠᠪᠠ᠃ 20 ᠴᠠᠭ ᠲᠤ᠂ ᠡᠬᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠵᠦ᠂ ᠡᠯ᠎ᠡ  ᠲᠥᠯᠥᠭᠡᠯᠡᠭᠴᠢᠳ ᠤᠨ  ᠪᠦᠯᠬᠦᠮ‌‍ ᠪᠣᠯᠤᠨ  ᠲᠤᠬᠠᠶ ᠶᠢᠨ  ᠲᠠᠯᠠᠪᠠᠢ ᠶᠢᠨ  4  ᠲᠦᠮᠡ  ᠰᠢᠬᠠᠮ  ᠦᠵᠡᠭᠴᠢᠳ ᠤᠨ  ᠦᠭᠡᠳᠡ ᠠᠴᠠ  ᠤᠯᠤᠰ ᠤᠨ  ᠲᠤᠭ ‍ᠤᠨ‌ᠵᠢᠬᠰᠠᠭᠠᠯ ᠤᠨ  ᠠᠩᠭᠢ  ᠲᠠᠯᠠᠪᠠᠢ ᠳᠤ  ᠣᠷᠣᠵᠤ  ᠢᠷᠡᠪᠠ᠃ ᠡᠯ᠎ᠡ ᠦᠨᠳᠦᠰᠦᠲᠡᠨ ᠤ ᠲᠠᠮᠢᠷᠴᠢᠳ ᠦᠨᠳᠦᠰᠦᠲᠡᠨ ‍ᠤ‌ᠭᠤᠶᠣᠯᠠᠯ ᠢᠶᠠᠨ ᠡᠮᠦᠰᠴᠦ᠂ ᠴᠤᠭ ᠵᠢᠪᠬᠤᠭ᠎ᠠ ᠪᠠᠳᠠᠷᠠᠵᠤ᠂ ᠢᠳᠡᠷᠡᠬᠦᠨ ᠠᠯᠬᠤᠮ ᠢᠶᠠᠷ  ᠠᠯᠬᠤᠨ  ᠤᠷᠤᠵᠤ  ᠢᠷᠡᠪᠡ᠃  ᠡᠯ᠎ᠡ‌‍ᠲ᠋ᠥ᠋ᠯᠥᠭᠡᠯᠡᠭᠴᠢᠳ ᠤᠨ ᠪᠦᠯᠬᠦᠮ ᠤᠨ 30 ᠰᠧᠺᠦ᠋ᠨ᠋ᠳ᠋ ᠤᠨ ᠲᠦᠷ ᠵᠣᠭᠰᠣᠬᠤ  ᠲᠣᠭᠯᠠᠯᠲᠠ ᠨᠢ  ᠳᠤᠮᠳᠠᠳᠤ ᠶᠢᠨ  ᠰᠣᠶᠣᠯ ‍ᠤᠨ‌ᠦᠡᠭᠭᠡ ᠢᠯᠭᠠᠷᠠᠨ ᠪᠠᠳᠠᠷᠠᠨ ᠲᠡᠯᠭᠡᠷᠡᠭᠰᠡᠨ ᠴᠡᠴᠡᠭ ᠮᠡᠳᠦ ᠭᠤᠶᠢᠳᠠ ᠰᠠᠶᠢᠬᠠᠨ ᠲᠦᠷᠢ ᠲᠦᠷᠬᠦ ᠶᠢ ᠬᠠᠷᠠᠭᠤᠯᠵᠤ᠂  ᠲᠤᠬᠠᠶ ᠵᠢᠨ‌‍ᠲ᠋ᠠᠯᠠᠪᠠᠢ ᠶᠢᠨ ᠦᠵᠡᠭᠴᠢᠳ ᠢ ᠪᠠᠭ᠋ᠠᠷᠬᠠᠭᠤᠯᠤᠨ ᠰᠣᠭᠲᠣᠭᠤᠷᠠᠭᠤᠯᠵᠠᠶ᠃

20 ᠴᠠᠭ 50 ᠮᠢᠨᠦ᠋ᠲ ᠤᠨ ᠦᠶ᠎ᠡ ᠪᠠᠷ᠂ ᠸᠠᠩ ᠶᠠᠩ᠄ ᠪᠥᠬᠦᠳᠡ ᠨᠠᠶᠢᠷᠠᠮᠳᠠᠬᠤ ᠳᠤᠮᠳᠠᠳᠤ  ᠠᠷᠠᠳ  ᠤᠯᠤᠰ ‍ᠤᠨ‌ᠠᠷᠪᠠᠨ ᠨᠢᠭᠡᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ  ᠴᠤᠭᠯᠠᠭᠠᠨ‌ᠡᠬᠢᠯᠡᠯ᠎ᠡ︕ ᠬᠡᠵᠦ ᠵᠠᠷᠯᠠᠬᠤ ᠲᠠᠢ  ᠵᠡᠷᠭᠡ᠂  ᠥᠩᠭᠡ  ᠢᠯᠭᠠᠷᠠᠭᠰᠠᠨ  ᠶᠣᠰᠣᠯᠠᠯ ᠤᠨ  ᠬᠤᠧᠠᠷ  ᠫᠤᠤᠵᠢᠩ  ᠣᠭᠲᠠᠷᠭᠤᠶ ᠵᠢᠨ‌‍ᠬᠦ᠋ᠨ ᠳᠤ ᠳᠡᠯᠭᠡᠷᠡᠵᠦ᠂ ᠵᠧᠩᠵᠧᠤ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠪ ᠨᠢ ᠪᠠᠶᠠᠷ ᠪᠠᠶᠠᠰᠬᠤᠯᠠᠩᠲᠤ‌ᠠᠭᠤᠷ ᠠᠮᠢᠰᠬᠤᠯ ᠢᠶᠠᠷ ᠪᠢᠯᠬᠠᠪᠠ᠃

ᠳᠠᠷᠠᠭ᠎ᠠ ᠨᠢ᠂ 《ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ· ᠭᠠᠷ ᠬᠤᠯᠪᠣᠨ  ᠰᠢᠨ᠎ᠡ‌‍ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠭᠤᠤᠯ ᠰᠡᠳᠦᠪᠲᠦ ᠭᠤᠶᠢᠳᠠ ᠰᠠᠶᠢᠬᠠᠨ ᠤᠷᠠᠨ  ᠰᠠᠶᠢᠬᠠᠨ ᠤ  ᠲᠣᠭᠯᠠᠯᠲᠠ‌ᠡᠬᠢᠯᠡᠪᠡ᠃ ᠤᠷᠠᠨ ᠰᠠᠶᠢᠬᠠᠨ ᠤ ᠲᠣᠭᠯᠠᠯᠲᠠ ᠨᠢ 《ᠳᠤᠮᠳᠠᠳᠤ ᠶᠢᠨ ᠮᠠᠬᠳᠠᠭᠠᠯ》᠂《ᠢᠷᠡᠭᠤ ᠰᠠᠶᠢᠬᠠᠨ ᠾᠧᠨᠠᠨ》᠂ 《ᠬᠦᠰᠡᠯ‌ ᠵᠡᠭᠦᠳᠦ》ᠭᠡᠬᠦ ᠭᠤᠷᠪᠠᠨ ᠬᠡᠰᠡᠭ ᠢᠶᠠᠷ ᠪᠦᠷᠢᠯᠳᠦᠵᠦ᠂ ᠳᠤᠮᠳᠠᠳᠤ ᠶᠢᠨ  ᠦᠨᠳᠦᠰᠦᠲᠡᠨ ᠤ  ᠭᠡᠷᠡᠯ  ᠰᠠᠴᠤᠷᠠᠩᠭᠤᠶ  ᠰᠣᠶᠣᠯ ᠢ‌‍ᠲ᠋ᠡᠯᠭᠡᠨ ᠦᠵᠡᠭᠦᠯᠵᠦ᠂ ᠰᠢᠨ᠎ᠡ ᠳᠤᠮᠳᠠᠳᠤ ᠤᠯᠤᠰ ᠤᠨ 70 ᠵᠢᠯ ᠤᠨ ᠣᠢ ᠶᠢᠨ ᠠᠭᠤᠤ ᠶᠡᠭᠡ ᠠᠮᠵᠢᠯᠳᠠ ᠪᠦᠳᠦᠭᠡᠯ ᠢ ᠮᠠᠭᠲᠠᠨ‌‍ᠲ᠋ᠠᠭᠤᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ  ᠰᠡᠷᠭᠦᠨ  ᠮᠠᠨᠳᠤᠯᠲᠠ ᠶᠢᠨ  ᠭᠡᠭᠡᠨ  ᠰᠠᠷᠠᠭᠤᠯ  ᠢᠷᠡᠭᠡᠳᠦᠶ ᠵᠢ‌‍ᠲ᠋ᠡᠯᠭᠡᠨ ᠬᠠᠷᠠᠭᠤᠯᠵᠠᠢ᠃ ᠲᠣᠭᠯᠠᠯᠲᠠ ᠶᠢᠨ ᠰᠡᠭᠦᠯ ᠳᠤ᠂ ᠡᠯ᠎ᠡ ᠦᠨᠳᠦᠰᠦᠲᠡᠨ ᠤ ᠠᠬ᠎ᠠ ᠳᠡᠭᠦᠤ ᠨᠡᠷ ᠬᠠᠮᠲᠤ ᠪᠠᠷ  《ᠪᠢ  ᠡᠬᠡ‌ ᠤᠯᠤᠰ ᠲᠠᠢ ᠪᠠᠨ》ᠬᠡᠰᠡᠨ ᠲᠠᠭᠤᠤ ᠶᠢ ᠳᠠᠭᠤᠯᠠᠪᠠ᠃ ᠲᠠᠯᠠᠪᠠᠢ ᠳᠣᠲᠣᠷ᠎ᠠ ᠰᠢᠨ᠎ᠡ ᠳᠤᠮᠳᠠᠳᠤ  ᠤᠯᠤᠰ  ᠮᠡᠨᠳᠦᠯᠡᠭᠰᠡᠨ  ᠳᠠᠯᠠᠨ‌ᠵᠢᠯ ᠤᠨ ᠤᠢ ᠶᠢ ᠪᠡᠯᠭᠡᠳᠡᠭᠰᠡᠨ 《70》ᠬᠡᠳᠡᠭ ᠲᠤᠭ᠎ᠠ ᠢᠯᠡᠷᠡᠵᠦ᠂ ᠠᠭᠤᠤ ᠶᠡᠭᠡ ᠡᠭᠡ  ᠤᠯᠤᠰ  ᠴᠡᠴᠡᠭᠯᠡᠨ  ᠬᠦᠭᠵᠢᠬᠦ ᠵᠢ‌ ᠬᠠᠮᠳᠤ ᠪᠠᠷ ᠢᠷᠦᠭᠡᠨ ᠪᠡᠯᠭᠡᠯᠡᠵᠡᠢ᠃

ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ 9 ᠡᠳᠦᠷ ᠶᠠᠪᠤᠭᠳᠠᠨ᠎ᠠ᠂ ᠪᠦᠬᠦ  ᠤᠯᠤᠰ ᠤᠨ  31  ᠮᠣᠵᠢ(ᠥᠪᠡᠷᠲᠡᠭᠡᠨ  ᠵᠠᠰᠠᠬᠤ  ᠣᠷᠣᠨ᠂  ᠰᠢᠭᠤᠳ  ᠬᠠᠷᠢᠶ᠎ᠠ  ᠬᠤᠲᠠ)᠂  ᠰᠢᠨᠵᠢᠶᠠᠩ ᠤᠨ  ᠦᠢᠯᠡᠳᠪᠦᠷᠢᠯᠡᠯ ᠤᠨ  ᠪᠦᠳᠦᠭᠡᠨ‌‍ᠪᠠᠶᠢᠭᠤᠯᠤᠯᠳᠠ ᠶᠢᠨ ᠫᠢᠡᠭᠲ᠋ᠤᠧᠠᠨ᠂ ᠴᠢᠯᠥᠭᠡᠯᠡᠬᠦ ᠴᠡᠷᠢᠭ ᠤᠨ ᠲᠥᠯᠥᠭᠡᠯᠡᠭᠴᠢᠳ ᠤᠨ  ᠪᠦᠯᠬᠦᠮ  ᠵᠢᠴᠢ  ᠲᠠᠶᠢᠸᠠᠨ ᠤ  ᠴᠥᠭᠡᠨ‌‍ᠲ᠋ᠣᠭᠠᠲᠤ ᠦᠨᠳᠦᠰᠦᠲᠡᠨ ᠤ ᠲᠥᠯᠥᠭᠡᠯᠡᠭᠴᠢᠳ ᠤᠨ ᠪᠦᠯᠬᠦᠮ ᠤᠨ 7009  ᠲᠠᠮᠢᠷᠴᠢᠨ  ᠬᠤᠯᠬᠤᠪᠴᠢ ᠨᠤᠮᠤ ᠬᠠᠷᠪᠤᠬᠤ᠂ᠲᠡᠭᠡᠰᠦ ᠲᠠᠳᠠᠬᠤ᠂ ᠭᠠᠭᠴᠠ ᠬᠦᠮᠦᠨ ᠤ ᠬᠤᠯᠤᠰᠤᠨ ᠬᠦᠪᠢᠬᠦᠷ ᠵᠡᠷᠭᠡ 17 ᠲᠦᠷᠦᠯ ᠤᠨ ᠤᠷᠤᠯᠳᠤᠭᠠᠨ ᠤ  ᠲᠦᠷᠦᠯ  ᠵᠦᠢᠯ‌‍ᠪᠤᠯᠤᠨ 194 ᠦᠵᠡᠬᠦᠯᠦᠯᠬᠡ ᠶᠢᠨ ᠲᠣᠭᠯᠠᠯᠲᠠ ᠶᠢᠨ ᠲᠦᠷᠦᠯ  ᠵᠦᠢᠯ ᠤᠨ ᠤᠷᠤᠯᠳᠤᠭᠠᠨ ᠳᠤ  ᠣᠷᠣᠯᠴᠠᠨ᠎ᠠ᠃ ᠪᠡᠶ᠎ᠡ ᠵᠢᠨ‌‍ ᠲ᠋ᠠᠮᠢᠷ ᠤᠨ ᠴᠤᠭᠯᠠᠭᠠᠨ ᠤ ᠬᠤᠭᠤᠴᠠᠭᠠᠨ ᠳᠤ ᠪᠠᠰᠠ ᠦᠨᠳᠦᠰᠦᠲᠡᠨ ᠤ ᠦᠪᠡᠳᠡᠭᠰᠢ ᠨᠠᠶᠢᠷ ᠵᠡᠷᠭᠡ ᠰᠣᠶᠣᠯ ᠤᠨ  ᠠᠵᠢᠯᠯᠠᠭ᠎ᠠ ᠵᠢ‌ ᠡᠷᠬᠢᠯᠡᠬᠦ ᠪᠣᠯᠤᠨ᠎ᠠ᠃

941a0cf9-568b-4251-8abc-06c836d0eca3.jpg

faa25c9f-fada-4c32-a173-48ddc035c737.jpg

01908123-1628-4e9d-b96f-c525123beb38.jpg

3c694b2c-b9dd-4a17-9a47-a5bea0d99352.jpg

defe1ab1-e747-4ef6-81d9-b18e08e3cbd3.png

d80854c5-a82b-4921-bd9b-7f749ec46400.png

93b23ba6-e5df-4ed6-b5da-6a6c2e56950e.png

2c63399e-2ef4-4528-ae77-9067399e85e0.png

745244ff-7c20-4dfa-867a-bcb0e305b9b0.png

ᠢᠷᠡᠯᠳᠡ : 

 ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ