7 ᠰᠠᠷ᠎ᠠ ᠶᠢᠨ 27 ᠤ ᠡᠳᠦᠷ ᠠᠴᠠ 29 ᠤ ᠡᠳᠤᠷ ᠪᠤᠯᠳᠠᠯ᠎ᠠ ᠬᠥᠯᠥᠨ ᠪᠤᠶᠢᠷ ᠬᠤᠳᠠ ᠶᠢᠨ ᠶᠠᠬᠰᠢ ᠬᠤᠳᠠ ᠶᠢᠨ ᠹᠸᠡᠭ ᠬᠤᠸᠠᠩ ᠱᠠᠨ ᠴᠠᠰᠦᠨ ᠳᠤ ᠭᠤᠯᠭᠤᠬᠤ ᠲᠠᠯᠠᠪᠠᠢ ᠳᠤ ᠶᠠᠪᠤᠬᠳᠠᠬᠰᠠᠨ ᠠᠷᠪᠠᠨ ᠲᠥᠷᠪᠡᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠬᠯᠠᠭᠠᠨ ᠤ ᠭᠤᠯᠭᠤᠭᠤᠷ ᠬᠥᠷᠳᠤ + ᠬᠠᠷᠪᠤᠯᠳᠠ ᠶᠢᠨ ᠤᠷᠤᠯᠳᠤᠭᠠᠨ ᠲᠠᠭᠠᠭᠠᠴᠢᠯᠠᠨ ᠬᠥᠢᠴᠡᠳᠭᠡᠭᠴᠢ ᠪᠠᠶᠢᠭᠤᠯᠭ᠎ᠠ ᠨᠢᠬᠡᠴᠢ ᠶᠢᠨ ᠬᠠᠮᠵᠢᠯᠴᠠᠭ᠎ᠠ ᠲᠤᠬᠢᠷᠡᠯᠴᠠᠭ᠎ᠠ ᠪᠠᠷ ᠠᠷᠤ ᠲᠠᠯ᠎ᠠ ᠶᠢᠨ ᠠᠵᠢᠯ ᠤᠷᠤᠬᠰᠢᠳᠠᠢ ᠮᠥᠷᠳᠡᠭᠡᠨ ᠡᠷᠴᠢᠮᠳᠠᠢ ᠶᠠᠪᠤᠬᠳᠠᠵᠦ ᠲᠡᠮᠢᠷᠴᠢᠨ ᠪᠤᠯᠤᠨ ᠡᠯ᠎ᠠ ᠳᠠᠯ᠎ᠠ ᠶᠢᠨ ᠬᠥᠮᠥᠰ ᠲᠤ ᠲᠤᠩ ᠲᠥᠬᠦᠮ ᠥᠵᠡᠬᠦᠯᠥᠭᠰᠡᠨ ᠪᠠᠶᠢᠨ᠎ᠠ᠃

ᠤᠷᠤᠯᠳᠤᠭᠠᠨ ᠤ ᠲᠠᠯᠠᠪᠠᠢ ᠳᠤ ᠲᠠᠮᠢᠷᠴᠢᠳ ᠬᠥᠴᠥᠨ ᠴᠢᠳᠠᠯ ᠢᠶᠠᠨ ᠮᠥᠷᠦ᠋ᠢᠴᠡᠨ ᠥᠷᠢᠰᠥᠯᠳᠤᠬᠦ ᠳᠤ ᠲᠠᠯᠠᠪᠠᠢ ᠶᠢᠨ ᠭᠠᠳᠠᠨ᠎ᠠ ᠭᠠᠯ ᠤᠨᠳᠠᠷᠠᠭᠠᠬᠤ ᠮᠠᠰᠢᠨ᠂ 120 ᠡᠮ ᠡᠮᠴᠢᠯᠡᠭᠡᠨ ᠤ ᠠᠩᠭᠢ ᠶᠢᠨ ᠲᠡᠷᠭᠡ ᠵᠡᠷᠭᠡᠴᠡᠨ ᠵᠤᠬᠰᠤᠵᠦ᠂ ᠠᠮᠤᠷ ᠢ ᠬᠠᠮᠠᠭᠠᠯᠠᠭᠴᠢ ᠴᠠᠬᠳᠠᠭ᠎ᠠ ᠵᠢᠴᠢ ᠰᠠᠶᠢᠨ ᠲᠤᠷᠠᠴᠤᠤᠯ ᠤᠨ ᠥᠢᠯᠡᠴᠢᠯᠡᠭᠡᠨ ᠤ ᠠᠩᠭᠢ ᠤᠷᠤᠯᠳᠤᠭᠠᠨ ᠳᠤ ᠬᠠᠯᠠᠭᠤᠨ ᠲᠤᠳᠤᠨᠤ ᠥᠢᠯᠡᠴᠢᠯᠡᠭᠡ ᠬᠢᠵᠦ ᠤᠷᠤᠯᠳᠤᠭᠠᠨ ᠤ ᠤᠷᠤᠬᠰᠢᠳᠠᠢ ᠶᠠᠪᠤᠬᠳᠠᠬᠤ ᠳᠤ ᠠᠷᠤ ᠲᠠᠯ᠎ᠠ ᠶᠢᠨ ᠪᠠᠳᠤᠯᠠᠭ᠎ᠠ ᠬᠠᠨᠭ᠍ᠭᠠᠪᠠ᠃ 

ᠭᠠᠳᠠᠨ᠎ᠠ ᠠᠭᠠᠬᠢᠮ᠎ᠠ ᠬᠠᠯᠠᠭᠤᠨ ᠨᠡᠷᠡ ᠵᠤᠯᠠᠢ ᠲᠥᠭᠡᠨᠡᠨ᠎ᠠ᠃ ᠭᠡᠪᠡᠴᠤ ᠢᠨᠢᠶᠡᠮᠰᠥᠭᠯᠡᠯ ᠳᠤᠳᠤᠷᠠᠭᠤᠯᠤᠭᠰᠠᠨ ᠰᠠᠶᠢᠨ ᠲᠤᠷᠠᠴᠤᠤᠯ ᠤᠨ ᠥᠢᠯᠡᠴᠢᠯᠡᠭᠡᠨ ᠤ ᠠᠩᠭᠢ ᠶᠢᠨ ᠲᠤᠳᠤᠨᠤ ᠥᠢᠯᠡᠴᠢᠯᠡᠭᠡᠨ ᠤ ᠤᠪᠤᠷ ᠢ ᠮᠤᠬᠤᠭᠠᠵᠥ ᠲᠠᠶᠢᠯᠥᠭᠡ ᠥᠬᠡᠢ᠃ ᠲᠢᠶᠠᠨᠵᠢᠨ ᠤ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠭᠤᠷᠪᠠᠳᠤᠭᠠᠷ ᠤᠨ ᠤ ᠤᠶᠤᠳᠠᠨ ᠪᠠᠢ ᠢᠤᠢ ᠬᠤᠢ ᠪᠤᠯ ᠶᠠᠬᠰᠢ ᠬᠤᠳᠠ ᠶᠢᠨ ᠰᠠᠭᠤᠭᠠᠯᠢ ᠠᠷᠠᠳ᠃ ᠲᠡᠷᠡ ᠨᠤᠳᠤᠬ ᠲᠤᠨᠢ ᠶᠠᠪᠤᠬᠳᠠᠬᠤ ᠤᠯᠤᠰ ᠤᠨ ᠬᠡᠪᠴᠢᠶᠠᠨ ᠤ ᠤᠷᠤᠯᠳᠤᠭᠠᠨ ᠳᠤ ᠢᠳᠡᠪᠬᠢᠯᠡᠨ ᠡᠷᠡᠮᠡᠯᠵᠡᠯᠡᠵᠥ ᠰᠠᠶᠢᠨ ᠲᠤᠷᠠᠴᠤᠤᠯ ᠤᠨ ᠥᠢᠯᠡᠴᠢᠯᠡᠭᠡ ᠬᠢᠵᠥ ᠪᠤᠢ᠂ ᠪᠠᠢ ᠢᠤᠢ ᠬᠤᠢ᠄ 《ᠲᠤᠰ ᠤᠳᠠᠭ᠎ᠠ ᠨᠤᠳᠤᠬ ᠲᠠᠭᠠᠨ ᠰᠤᠷᠳᠠᠯ ᠤᠬᠠᠭᠤᠯᠭ᠎ᠠ ᠶᠢᠨ ᠲᠤᠭᠤᠢᠢᠯᠠᠩ ᠤᠨ ᠰᠠᠶᠢᠨ ᠲᠤᠷᠠᠴᠤᠤᠯ ᠤᠨ ᠨᠢᠭᠡ ᠪᠤᠯᠤᠬᠰᠠᠨ ᠳᠠᠭᠠᠨ ᠲᠤᠩ ᠪᠠᠶᠠᠷᠯᠠᠵᠥ ᠪᠠᠶᠢᠨ᠎ᠠ᠃ ᠮᠥᠨ ᠴᠤ ᠥᠢᠯᠡᠴᠢᠯᠡᠭᠡᠨ ᠤ ᠶᠡᠷᠥ ᠶᠢᠨ ᠮᠡᠳᠡᠯᠭᠡ ᠤᠯᠠᠨ ᠰᠤᠷᠤᠭᠰᠠᠨ ᠶᠤᠮ᠃ ᠢᠷᠡᠬᠦ ᠵᠢᠯ ᠤᠨ 2 ᠰᠠᠷ᠎ᠠ ᠳᠤ ᠶᠠᠪᠤᠬᠳᠠᠬᠤ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠬᠯᠠᠭᠠᠨ ᠳᠤ ᠪᠠᠰᠠ ᠰᠠᠶᠢᠨ ᠲᠤᠷᠠᠴᠤᠤᠯ ᠤᠨ ᠠᠩᠭᠢ ᠳᠤ ᠨᠡᠷ᠎ᠠ ᠮᠡᠳᠡᠬᠦᠯᠥᠨ᠎ᠠ》 ᠬᠡᠵᠥ ᠪᠠᠶᠠᠷᠳᠠᠶᠢᠬᠠᠨ ᠶᠠᠷᠢᠵᠥ ᠪᠢᠯᠠ᠃ ᠪᠠᠢ ᠢᠤᠢ ᠬᠤᠢ ᠲᠠᠢ ᠠᠳᠠᠯᠢ 89 ᠰᠠᠶᠢᠨ ᠲᠤᠷᠠᠴᠤᠤᠯ ᠡᠮ ᠡᠮᠴᠢᠯᠡᠭᠡ᠂ ᠵᠤᠴᠢᠯᠠᠭ᠎ᠠ᠂ ᠠᠮᠤᠷ ᠲᠥᠪᠰᠢᠨ ᠵᠡᠷᠭᠡ ᠬᠥᠷᠢᠶ᠎ᠠ ᠬᠡᠪᠴᠢᠶᠠᠨ ᠳᠤ ᠠᠵᠢᠯᠯᠠᠵᠦ ᠪᠤᠢ᠃

ᠭᠠᠷ ᠲᠠᠭᠠᠨ ᠰᠤᠷᠪᠤᠯᠵᠢᠯᠠᠭ᠎ᠠ ᠶᠢᠨ ᠮᠠᠰᠢᠨ ᠪᠠᠷᠢᠬᠰᠡᠨ ᠰᠤᠷᠪᠤᠯᠵᠢᠯᠠᠬᠴᠢᠳ ᠤᠷᠤᠯᠳᠤᠭᠠᠨ ᠤ ᠲᠠᠯᠠᠪᠠᠢ ᠶᠢᠨ ᠲᠤᠳᠤᠨ᠎ᠠ ᠭᠠᠳᠠᠨ᠎ᠠ ᠶᠠᠭᠠᠷᠠᠯᠳᠠᠶᠢᠬᠠᠨ ᠵᠥᠷᠢᠯᠳᠥᠨ ᠥᠪᠡᠷ ᠥᠪᠡᠷ ᠤᠨ ᠮᠡᠳᠡᠭᠡᠯᠡᠯ ᠤᠨ ᠤᠨᠴᠠᠯᠢᠬ ᠲᠠᠭᠠᠨ ᠲᠤᠬᠢᠷᠠᠭᠤᠯᠤᠨ ᠰᠤᠷᠪᠤᠯᠵᠢᠯᠠᠭ᠎ᠠ ᠠᠪᠤᠨ᠎ᠠ᠃ ᠡᠬᠦᠨ ᠳᠤ᠂ ᠰᠤᠨᠢᠨ ᠮᠡᠳᠡᠭᠡ᠂ ᠷᠡᠳᠢᠣ᠋ ᠲᠧᠯᠸᠢᠰ᠂ ᠰᠥᠯᠵᠢᠶ᠎ᠠ᠂ ᠵᠢᠷᠬᠢᠶ᠎ᠠ ᠵᠡᠷᠭᠡ ᠬᠠᠮ ᠵᠠᠭᠤᠴᠢᠯᠠᠭᠤᠷ ᠤᠨ ᠰᠤᠷᠪᠤᠯᠵᠢᠯᠠᠬᠴᠢᠳ ᠬᠠᠳᠠᠭᠤᠵᠢᠯᠳᠠᠢ ᠮᠥᠷᠳᠡᠭᠡᠨ ᠪᠠᠶᠠᠷ ᠪᠠᠶᠠᠰᠤᠯ ᠲᠠᠢ ᠪᠠᠷ ᠤᠷᠤᠯᠳᠤᠭᠠᠨ ᠤ ᠪᠥᠬᠦ ᠶᠠᠪᠤᠴᠠ ᠶᠢ ᠠᠯᠳᠠᠯ ᠥᠬᠡᠢ ᠠᠩᠬᠠᠷᠤᠨ ᠲᠤᠬᠠᠢᠢᠯᠠᠬᠰᠠᠨ ᠠᠵᠢᠯ ᠥᠢᠯᠡᠰ ᠢᠶᠠᠨ ᠲᠡᠭᠡᠳᠤᠯᠠᠨ ᠮᠠᠬᠠᠷᠠᠨ ᠴᠢᠷᠮᠠᠶᠢᠨ ᠠᠵᠢᠯᠯᠠᠨ᠎ᠠ᠃ 《ᠰᠤᠨᠢᠨ ᠮᠡᠳᠡᠭᠡᠨ ᠤ ᠠᠵᠢᠯ ᠨᠢᠬᠡᠳᠡᠳ ᠮᠠᠨᠢ ᠬᠡᠵᠢᠶᠡᠳᠠ ᠨᠠᠳᠠᠳᠠᠢ ᠬᠠᠮᠤᠬ ᠥᠢᠷ᠎ᠠ ᠪᠠᠶᠢᠳᠠᠬ᠃ ᠲᠤᠰ ᠤᠳᠠᠭ᠎ᠠ ᠶᠢᠨ ᠤᠷᠤᠯᠳᠤᠭᠠᠨ ᠳᠤ ᠲᠠᠮᠢᠷᠴᠢᠳ ᠤᠨ ᠡᠷᠴᠢ ᠬᠥᠴᠥᠨ ᠢᠶᠠᠨ ᠰᠢᠪᠬᠠᠨ ᠡᠷᠡᠮᠡᠭᠡᠶᠢᠯᠡᠨ ᠲᠡᠮᠡᠴᠡᠬᠦ ᠬᠤᠷᠤᠮ ᠵᠠᠭᠤᠷ᠎ᠠ ᠶᠢ ᠰᠡᠬᠦᠳᠡᠷᠯᠡᠬᠦ ᠶᠢᠨ ᠬᠠᠮᠳᠤ ᠵᠠᠪ ᠴᠢᠯᠥᠭᠡ ᠪᠠᠷ ᠢᠶᠠᠨ ᠶᠠᠬᠰᠢ ᠬᠤᠳᠠ ᠶᠢᠨ ᠠᠭᠤᠯᠠ ᠤᠰᠤᠨ ᠤ ᠥᠡᠭᠭᠡ ᠥᠵᠡᠮᠵᠢ ᠶᠢ ᠠᠮᠵᠢᠭᠤᠯᠵᠥ ᠰᠡᠬᠦᠳᠡᠷᠯᠡᠭᠰᠡᠨ ᠳᠡᠭᠡᠨ ᠲᠤᠩ ᠤᠯᠵᠠᠭᠤᠷᠬᠠᠵᠦ ᠪᠠᠶᠢᠨ᠎ᠠ》 ᠬᠡᠵᠥ ᠠᠷᠠᠳ ᠤᠨ ᠰᠥᠯᠵᠢᠶ᠎ᠠ ᠶᠢᠨ ᠰᠤᠷᠪᠤᠯᠵᠢᠯᠠᠬᠴᠢ ᠯᠢ ᠷᠥᠢ ᠢᠨᠢᠶᠡᠮᠰᠥᠭᠯᠡᠨ ᠶᠠᠷᠢᠨ᠎ᠠ᠃

ᠭᠤᠯᠭᠤᠭᠤᠷ ᠬᠥᠷᠳᠤ + ᠬᠠᠷᠪᠤᠯᠳᠠ ᠶᠢᠨ ᠤᠷᠤᠯᠳᠤᠭᠠᠨ ᠨᠢ ᠠᠭᠤᠯᠠᠨ ᠪᠡᠯ ᠳᠠᠭᠠᠤ ᠭᠤᠯᠭᠤᠬᠤ ᠶᠢᠨ ᠬᠠᠮᠳᠤ ᠬᠠᠷᠪᠤᠯᠳᠠ ᠬᠢᠬᠦ ᠤᠴᠢᠷ ᠠᠴᠠ ᠴᠠᠬ ᠠᠭᠤᠷ ᠤᠨ ᠨᠥᠯᠥᠭᠡ ᠶᠢ ᠶᠡᠭᠡ ᠬᠥᠷᠳᠡᠳᠡᠭ᠃ ᠡᠨᠡ ᠬᠦ ᠪᠠᠶᠢᠳᠠᠯ ᠳᠤ ᠴᠢᠭᠯᠡᠬᠦᠯᠥᠨ ᠬᠥᠯᠥᠨ ᠪᠤᠶᠢᠷ ᠬᠤᠳᠠ ᠶᠢᠨ ᠴᠠᠬ ᠠᠭᠤᠷ ᠤᠨ ᠰᠠᠯᠠᠭ᠎ᠠ ᠮᠥᠴᠢᠷ 10 ᠰᠠᠷ᠎ᠠ ᠶᠢᠨ ᠡᠮᠥᠨ᠎ᠠ ᠠᠴᠠ ᠤᠷᠤᠯᠳᠤᠭᠠᠨ ᠤ ᠡᠷᠬᠢᠨ ᠲᠤᠭᠤᠷᠢᠨ ᠳᠤ 5 ᠢᠵᠢ ᠠᠦ᠋ᠲ᠋ᠣ᠋ ᠡᠵᠡᠮᠰᠢᠯ ᠤᠨ ᠴᠠᠬ ᠠᠭᠤᠷ ᠤᠨ ᠥᠷᠳᠡᠭᠡ ᠲᠤᠬᠢᠷᠠᠭᠤᠯᠤᠨ ᠴᠠᠬ ᠠᠭᠤᠷ ᠤᠨ ᠬᠤᠪᠢᠷᠠᠯᠳᠠ ᠶᠢ ᠴᠠᠭ ᠲᠠᠷᠤᠢ ᠳᠤᠨᠢ ᠠᠷᠤ ᠲᠠᠯ᠎ᠠ ᠶᠢᠨ ᠥᠢᠯᠡᠴᠢᠯᠡᠭᠡᠨ ᠤ ᠡᠳᠡᠭᠡᠳ ᠲᠤ ᠬᠠᠨᠭ᠍ᠭᠠᠨ ᠥᠭᠴᠤ ᠤᠷᠤᠯᠳᠤᠭᠠᠨ ᠤᠷᠤᠭᠰᠢᠳᠠᠢ ᠶᠠᠪᠤᠭᠳᠠᠬᠤ ᠶᠢ ᠪᠠᠳᠤᠯᠠᠪᠠ᠃

ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠬᠯᠠᠭᠠᠨ 2020 ᠤᠨ ᠤ 2 ᠰᠠᠷ᠎ᠠ ᠳᠤ ᠥᠵᠡᠰᠬᠦᠯᠡᠩᠳᠤ ᠰᠠᠶᠢᠬᠠᠨ ᠬᠥᠯᠥᠨ ᠪᠤᠶᠢᠷ ᠬᠤᠳᠠ ᠳᠤ ᠶᠠᠪᠤᠬᠳᠠᠬᠤ ᠪᠤᠯᠤᠨ᠎ᠠ᠃ ᠡᠨᠡ ᠨᠢ ᠮᠦᠨ ᠴᠤ 2022 ᠤᠨ ᠤ ᠡᠪᠤᠯ ᠤᠨ ᠤᠯᠠᠷᠢᠯ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠴᠠ ᠡᠮᠥᠨᠡᠬᠢ ᠬᠠᠮᠤᠬ ᠲᠤᠮᠤ ᠬᠡᠪᠴᠢᠶᠠᠨ ᠤ ᠲᠠᠮᠢᠷ ᠤᠨ ᠴᠤᠬᠯᠠᠭᠠᠨ ᠪᠤᠯᠤᠬᠰᠠᠨ ᠤ ᠬᠤᠪᠢ ᠳᠤ᠂ ᠲᠠᠮᠢᠷᠴᠢᠳ ᠤᠨ ᠤᠷ᠎ᠠ ᠮᠡᠷᠭᠡᠵᠢᠯ ᠢᠶᠠᠨ ᠭᠠᠶᠢᠬᠠᠭᠤᠯᠬᠤ᠂ ᠨᠠᠩ ᠴᠤ ᠲᠤᠮᠳᠠᠳᠤ ᠤᠯᠤᠰ ᠤᠨ ᠲᠠᠮᠢᠷᠴᠢᠳ ᠤᠨ ᠡᠪᠤᠯ ᠤᠨ ᠤᠯᠠᠷᠢᠯ ᠤᠨ ᠤᠯᠢᠮᠫᠢᠺ ᠲᠤ ᠪᠡᠯᠡᠳᠭᠡᠬᠦ 《ᠰᠤᠷᠢᠯᠳᠠ ᠶᠢᠨ ᠲᠠᠯᠠᠪᠠᠢ》 ᠪᠤᠯᠬᠤ ᠲᠤᠯᠠ ᠪᠠᠳᠤ ᠴᠢᠩᠭ᠎ᠠ ᠲᠤᠳᠤᠨᠤ ᠥᠢᠯᠡᠴᠢᠯᠡᠭᠡ ᠲᠠᠢ ᠠᠷᠤ ᠲᠠᠯ᠎ᠠ ᠶᠢᠨ ᠠᠵᠢᠯ ᠴᠤ ᠨᠡᠩ ᠤᠷᠤᠭᠰᠢᠳᠠᠢ ᠶᠠᠪᠤᠭᠳᠠᠬᠤ ᠨᠢ ᠯᠠᠪᠳᠠᠢ᠃

ᠢᠷᠡᠯᠳᠡ : 

 ᠬᠦᠯᠦᠨ ᠪᠤᠢ᠌ᠢᠷ ᠮᠤᠩᠭᠤᠯ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ