ᠤᠢ᠌ᠢᠷ᠎ᠠ ᠳᠤ᠂ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠮᠤᠩᠭᠤᠯ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠦᠢᠯᠡᠰ ᠢ ᠭᠦᠭᠵᠢᠭᠦᠯᠦᠨ ᠪᠠᠳᠠᠷᠠᠭᠤᠯᠬᠤ ᠵᠤᠷᠢᠯᠭ᠎ᠠ ᠪᠠᠷ ᠰᠢᠨ᠎ᠡ ᠪᠠᠷᠭᠤ ᠵᠡᠬᠦᠨ ᠬᠤᠰᠢᠭᠤᠨ ᠤ ᠪᠦᠬᠡ ᠶᠢᠨ ᠨᠡᠶᠢᠬᠡᠮᠯᠢᠭ ᠠᠬᠠᠮᠠᠳ ᠪᠦᠬᠡᠴᠦᠳ ᠤᠨ ᠢᠶᠠᠨ ᠠᠮᠵᠢᠯᠳᠠ ᠶᠢ ᠦᠨᠡᠯᠡᠨ ᠡᠷᠭᠦᠮᠵᠢᠯᠡᠬᠦ ᠶᠤᠰᠤᠯᠠᠯ ᠶᠠᠪᠤᠭᠳᠠᠭᠤᠯᠵᠤ᠂ ᠰᠢᠨ᠎ᠡ ᠪᠠᠷᠭᠤ ᠵᠡᠬᠦᠨ ᠬᠤᠰᠢᠭᠤᠨ ᠤ ᠪᠦᠬᠡ ᠶᠢᠨ ᠦᠢᠯᠡᠰ ᠲᠤ ᠭᠠᠪᠢᠶ᠎ᠠ ᠵᠢᠳᠬᠦᠯ ᠦᠵᠡᠭᠦᠯᠦᠭᠰᠡᠨ ᠬᠦᠮᠦᠰ ᠵᠢᠴᠢ ᠲᠠᠪᠢᠨ ᠨᠠᠰᠤᠨ ᠠᠴᠠ ᠲᠡᠭᠡᠭᠰᠢᠬᠢ ᠠᠬᠠᠮᠠᠳ ᠪᠦᠬᠡᠴᠦᠳ ᠤᠨ ᠠᠮᠵᠢᠯᠳᠠ ᠶᠢ ᠦᠨᠡᠯᠡᠨ ᠡᠷᠭᠦᠮᠵᠢᠯᠡᠪᠡ᠃

ᠠᠵᠢᠯᠯᠠᠭ᠎ᠠ ᠳᠤ᠂ ᠠᠶᠢᠮᠠᠭ ᠤᠨ ᠲᠠᠷᠬᠠᠨ ᠪᠦᠬᠡ ᠲᠤᠨᠳᠤᠭ ᠤᠨ ᠬᠤᠶᠢᠯᠤᠭ᠂ ᠷᠠᠭᠴᠠ ᠶᠢᠨ ᠪᠡᠭᠽᠠ᠂ ᠰᠢᠨ᠎ᠡ ᠪᠠᠷᠭᠤ ᠵᠡᠬᠦᠨ ᠬᠤᠰᠢᠭᠤᠨ ᠤ ᠪᠦᠬᠡ ᠶᠢᠨ ᠦᠢᠯᠡᠰ ᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠡᠷᠳᠡᠨᠢᠪᠠᠶᠠᠷ ᠤᠨ ᠡᠷᠳᠡᠮᠳᠤ᠂ ᠮᠦᠩᠬᠡ ᠶᠢᠨ ᠦᠯᠵᠡᠢ ᠵᠡᠷᠭᠡ ᠲᠤᠯᠤᠭᠠᠨ ᠬᠦᠮᠦᠨ ᠢ ᠰᠢᠨ᠎ᠡ ᠪᠠᠷᠭᠤ ᠵᠡᠬᠦᠨ ᠬᠤᠰᠢᠭᠤᠨ ᠤ ᠪᠦᠬᠡ ᠶᠢᠨ ᠵᠢᠳᠬᠦᠯᠳᠡᠨ ᠢᠶᠠᠷ ᠦᠨᠡᠯᠡᠵᠤ᠂ ᠡᠩᠭᠡᠷ ᠤᠨ ᠲᠡᠮᠳᠡᠭ᠂ ᠡᠷᠭᠦᠮᠵᠢᠯᠡᠯ ᠭᠠᠷᠳᠠᠭᠤᠯᠪᠠ᠃ ᠰᠤᠮᠤᠨ ᠤ ᠨᠠᠭᠠᠳᠤᠮ ᠤᠨ ᠲᠡᠳ᠋᠂ ᠭᠤᠷᠪᠠ᠂ ᠲᠦᠷᠪᠡ ᠳᠤ ᠤᠷᠤᠵᠤ ᠪᠠᠶᠢᠭᠰᠠᠨ ᠠᠳᠢᠶ᠎ᠠ ᠶᠢᠨ ᠭᠤᠮᠪᠤᠰᠦ᠋ᠷᠦᠩ᠂ ᠪᠠᠯᠳᠠᠨ ᠤ ᠲᠠᠮᠳᠢᠨᠰᠦ᠋ᠷᠦᠩ ᠵᠡᠷᠭᠡ ᠨᠡᠶᠢᠳᠡ 25 ᠠᠬᠠᠮᠠᠳ ᠪᠦᠬᠡ ᠳᠤ ᠡᠷᠭᠦᠮᠵᠢᠯᠡᠯ ᠤᠨ ᠪᠢᠴᠢᠭ ᠭᠠᠷᠳᠠᠭᠤᠯᠵᠤ᠂ ᠰᠤᠮᠤᠨ ᠤ ᠨᠠᠭᠠᠳᠤᠮ ᠤᠨ ᠲᠡᠷᠢᠭᠦᠨ ᠳᠤ ᠪᠠᠷᠢᠯᠳᠤᠵᠤ ᠶᠠᠪᠤᠭᠰᠠᠨ ᠰᠧᠪᠡᠭᠵᠠᠪ ᠤᠨ ᠡᠷᠡᠭᠽᠠᠨᠳᠤᠷᠵᠢ᠂ ᠤᠮᠽᠠᠳ ᠤᠨ ᠯᠾᠮᠵᠠᠪ ᠵᠡᠷᠭᠡ 28 ᠠᠬᠠᠮᠠᠳ ᠪᠦᠬᠡ ᠶᠢ ᠰᠤᠮᠤ ᠶᠢᠨ ᠲᠠᠷᠬᠠᠨ ᠪᠦᠬᠡ ᠪᠠᠷ᠂ ᠪᠤᠷᠤᠬᠦᠦ ᠶᠢᠨ ᠱᠠᠨᠵᠢᠮᠢᠳᠡᠪ᠂ ᠴᠢᠮᠡᠳ ᠤᠨ ᠳ᠋ᠠᠰᠢᠨᠢᠮ᠎ᠠ ᠵᠡᠷᠭᠡ ᠬᠤᠰᠢᠭᠤᠨ ᠤ ᠠᠷᠠᠳ ᠤᠨ ᠨᠠᠭᠠᠳᠤᠮ ᠤᠨ ᠰᠢᠪᠦᠭᠡ ᠶᠢᠨ ᠲᠦᠷᠪᠡ ᠳᠤ ᠦᠯᠡᠳᠡᠵᠤ ᠪᠠᠶᠢᠭᠰᠠᠨ ᠪᠠ ᠪᠠᠷᠰᠳᠤ ᠬᠠᠨᠳᠠᠭᠠᠢ ᠶᠢᠨ ᠵᠤᠰᠠᠯᠠᠩ ᠤᠨ ᠲᠡᠷᠢᠭᠦᠨ᠂ ᠲᠡᠳ᠋᠂ ᠮᠡᠨᠡᠩ ᠤᠨ ᠪᠤᠭᠳᠠ ᠠᠭᠤᠯᠠ ᠶᠢᠨ ᠲᠡᠷᠢᠭᠦᠨ ᠪᠦᠬᠡ ᠵᠡᠷᠭᠡ 13 ᠪᠦᠬᠡ ᠶᠢ ᠬᠤᠰᠢᠭᠤᠨ ᠤ ᠲᠠᠷᠬᠠᠨ ᠪᠦᠬᠡ ᠪᠠᠷ ᠦᠨᠡᠯᠡᠵᠤ᠂ ᠡᠩᠭᠡᠷ ᠤᠨ ᠲᠡᠮᠳᠡᠭ ᠪᠠ ᠡᠷᠭᠦᠮᠵᠢᠯᠡᠯ ᠤᠨ ᠪᠢᠴᠢᠭ ᠭᠠᠷᠳᠠᠭᠤᠯᠤᠭᠰᠠᠨ ᠪᠠᠶᠢᠨ᠎ᠠ᠃

ᠰᠢᠨ᠎ᠡ ᠪᠠᠷᠭᠤ ᠵᠡᠬᠦᠨ ᠬᠤᠰᠢᠭᠤ ᠪᠤᠯ ᠡᠷᠳᠡ ᠲᠡᠤᠬᠡᠨ ᠦᠶ᠎ᠡ ᠠᠴᠠ ᠤᠯᠤᠰ ᠤᠷᠤᠨ ᠳᠤ ᠠᠯᠳᠠᠷ ᠢᠶᠠᠨ ᠮᠠᠨᠳᠤᠭᠤᠯᠤᠭᠰᠠᠨ ᠦᠪᠦᠷ ᠮᠤᠩᠭᠤᠯ ᠤᠷᠤᠨ ᠤ ᠠᠩᠬᠠᠨ ᠤ ᠮᠢᠩᠭᠠᠨ ᠪᠦᠬᠡ ᠶᠢᠨ ᠮᠠᠩᠯᠠᠢ ᠠᠪᠤᠷᠭᠤ ᠪᠠᠽᠠᠷᠭᠠᠠᠳ᠋ ᠵᠡᠷᠭᠡ ᠦᠶ᠎ᠡ ᠶᠢᠨ ᠦᠶ᠎ᠡ ᠶᠢᠨ ᠴᠤᠤᠳᠤ ᠪᠦᠬᠡᠴᠦᠳ ᠲᠦᠷᠦᠭᠰᠡᠨ ᠪᠦᠬᠡ ᠶᠢᠨ ᠦᠯᠦᠭᠡᠢ ᠰᠠᠶᠢᠬᠠᠨ ᠨᠤᠳᠤᠭ ᠪᠢᠯᠡ᠃ ᠰᠢᠨ᠎ᠡ ᠪᠠᠷᠭᠤ ᠵᠡᠭᠦᠨ ᠬᠤᠰᠢᠭᠤᠨ ᠤ ᠪᠦᠬᠡ ᠶᠢᠨ ᠨᠡᠶᠢᠬᠡᠮᠯᠢᠭ ᠨᠢ ᠪᠦᠬᠡ ᠶᠢᠨ ᠦᠢᠯᠡᠰ ᠲᠤ ᠭᠠᠪᠢᠶ᠎ᠠ ᠵᠢᠳᠬᠦᠯ ᠦᠵᠡᠭᠦᠯᠦᠭᠰᠡᠨ ᠬᠦᠮᠦᠰ ᠵᠢᠴᠢ ᠠᠬᠠᠮᠠᠳ ᠪᠦᠬᠡᠴᠦᠳ ᠤᠨ ᠢᠶᠠᠨ ᠠᠮᠵᠢᠯᠳᠠ ᠶᠢ ᠦᠨᠡᠯᠡᠨ ᠡᠷᠭᠦᠮᠵᠢᠯᠡᠬᠦ ᠶᠤᠰᠤᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠤᠭᠰᠠᠨ ᠨᠢ ᠡᠬᠡ ᠤᠯᠤᠰ ᠤᠨ 70 ᠵᠢᠯ ᠤᠨ ᠬᠦᠭᠵᠢᠯ ᠴᠡᠴᠡᠭᠯᠡᠯ ᠳᠤ ᠡᠳᠡᠭᠡᠷ ᠬᠦᠮᠦᠰ ᠤᠨ ᠪᠡᠶ᠎ᠡ ᠶᠢᠨ ᠲᠠᠮᠢᠷ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢ ᠬᠦᠢᠴᠡᠳ ᠦᠨᠡᠯᠡᠬᠦ ᠶᠢᠨ ᠬᠠᠮᠳᠤ ᠵᠠᠯᠠᠭᠤ ᠨᠢᠭᠡ ᠦᠶ᠎ᠡ ᠶᠢᠨ ᠪᠦᠬᠡᠴᠦᠳ ᠤᠨ ᠠᠬᠠᠮᠠᠳ ᠪᠦᠬᠡᠴᠤᠳ ᠤᠨ ᠢᠶᠠᠨ ᠠᠮᠵᠢᠯᠳᠠ ᠠᠴᠠ ᠡᠷᠴᠢ ᠬᠦᠴᠦ ᠠᠪᠴᠤ᠂ ᠤᠷᠮ᠎ᠠ ᠵᠤᠷᠢᠭ ᠢᠶᠠᠨ ᠪᠠᠳᠠᠷᠠᠭᠤᠯᠵᠤ᠂ ᠪᠡᠯᠡᠳᠬᠡᠯ ᠰᠤᠷᠢᠶ᠎ᠠ᠂ ᠮᠡᠭᠡ ᠮᠡᠷᠭᠡᠵᠢᠯ᠂ ᠤᠷ᠎ᠠ ᠴᠢᠳᠠᠪᠤᠷᠢ ᠪᠠᠨ ᠲᠡᠭᠡᠭᠰᠢᠯᠡᠭᠦᠯᠵᠤ᠂ ᠨᠤᠳᠤᠭ ᠤᠷᠤᠨ ᠤ ᠪᠦᠬᠡ ᠶᠢᠨ ᠦᠢᠯᠡᠰ ᠤᠨ ᠬᠦᠭᠵᠢᠯᠳᠡ ᠳᠤ ᠭᠠᠷᠮᠠᠭᠠᠢ ᠵᠢᠳᠬᠦᠯ ᠦᠵᠡᠭᠦᠯᠬᠦ ᠢᠳᠡᠬᠡᠯ ᠵᠤᠷᠢᠭ ᠢ ᠨᠢ ᠬᠦᠪᠴᠢᠯᠡᠵᠠᠢ᠃

ᠤᠶᠢᠯᠠᠭᠠᠭᠰᠠᠨ ᠢᠶᠠᠷ᠂ ᠰᠢᠨ᠎ᠡ ᠪᠠᠷᠭᠤ ᠵᠡᠬᠦᠨ ᠬᠤᠰᠢᠭᠤᠨ ᠤ ᠪᠦᠬᠡ ᠶᠢᠨ ᠨᠡᠶᠢᠬᠡᠮᠯᠢᠭ ᠨᠢ 2007 ᠤᠨ ᠤ 5 ᠰᠠᠷ᠎ᠠ ᠶᠢᠨ 13 ᠤ ᠡᠳᠦᠷ ᠪᠠᠶᠢᠭᠤᠯᠤᠭᠳᠠᠵᠤ᠂ ᠡᠳᠦᠭᠡ ᠪᠤᠯᠬᠤ ᠳᠤ ᠭᠤᠷᠪᠠᠨ ᠦᠶ᠎ᠡ ᠶᠢᠨ ᠨᠡᠶᠢᠬᠡᠮᠯᠢᠭ ᠤᠨ ᠲᠡᠷᠢᠭᠦᠯᠡᠭᠴᠢ ᠶᠢᠨ ᠴᠢᠷᠮᠠᠶᠢᠯᠭ᠎ᠠ ᠵᠢᠳᠬᠦᠯ ᠢᠶᠠᠷ ᠪᠦᠬᠡ ᠶᠢᠨ ᠦᠢᠯᠡᠰ ᠢᠶᠠᠨ ᠲᠠᠰᠤᠷᠠᠯᠳᠠ ᠦᠭᠡᠢ ᠬᠦᠭᠵᠢᠭᠦᠯᠦᠭᠰᠡᠭᠡᠷ ᠢᠷᠡᠵᠠᠢ᠃ ᠲᠤᠰ ᠨᠡᠶᠢᠬᠡᠮᠯᠢᠭ ᠨᠢ 2015 ᠤᠨ ᠳᠤ ᠡᠯ᠎ᠡ ᠰᠤᠮᠤ ᠪᠠᠯᠭᠠᠰᠤᠨ ᠳᠤ ᠬᠤᠪᠢᠶᠠᠷᠢ ᠪᠦᠬᠡ ᠶᠢᠨ ᠬᠤᠯᠪᠤᠭ᠎ᠠ ᠶᠢ ᠡᠭᠦᠰᠭᠡᠨ ᠪᠠᠶᠢᠭᠤᠯᠵᠤ᠂ ᠨᠡᠶᠢᠭᠡᠮᠯᠢᠭ ᠤᠨ ᠭᠡᠰᠢᠭᠦᠳ ᠤᠨ ᠨᠢᠭᠳᠠᠷᠠᠯ ᠪᠦᠯᠬᠦᠮᠳᠡᠯ ᠤᠨ ᠬᠦᠴᠦᠨ ᠲᠤᠤᠷ᠎ᠠ ᠪᠦᠬᠦ ᠬᠤᠰᠢᠭᠤᠨ ᠤ ᠬᠡᠪᠴᠢᠶᠡᠨ ᠳᠠᠬᠢ ᠠᠬᠠᠮᠠᠳ ᠪᠦᠬᠡᠴᠦᠳ ᠤᠨ ᠲᠡᠤᠬᠡ ᠨᠠᠮᠳᠠᠷ ᠢ ᠪᠦᠷᠢᠳᠬᠡᠬᠦ᠂ ᠵᠠᠯᠠᠭᠤ ᠪᠦᠬᠡᠴᠦᠳ ᠤᠨ ᠪᠡᠯᠡᠳᠬᠡᠯ ᠰᠤᠷᠢᠶ᠎ᠠ᠂ ᠮᠡᠭᠡ ᠮᠡᠷᠭᠡᠵᠢᠯ᠂ ᠤᠷ᠎ᠠ ᠴᠢᠳᠠᠪᠤᠷᠢ ᠶᠢ ᠲᠡᠭᠡᠭᠰᠢᠯᠡᠬᠦᠯᠬᠦ ᠪᠠᠷ ᠴᠢᠷᠮᠠᠶᠢᠨ ᠠᠵᠢᠯᠯᠠᠵᠤ᠂ ᠤᠷᠢᠳ ᠬᠤᠵᠢᠳ ᠭᠠᠷᠠᠭ ᠤᠨ ᠪᠠᠷᠢᠯᠳᠤᠭᠠᠨ᠂ ᠰᠠᠷ᠎ᠠ ᠶᠢᠨ ᠪᠠᠷᠢᠯᠳᠤᠭᠠᠨ᠂ ᠤᠨ ᠤ ᠮᠠᠩᠯᠠᠢ ᠰᠢᠯᠭᠠᠷᠠᠭᠤᠯᠬᠤ ᠪᠠᠷᠢᠯᠳᠤᠭᠠᠨ᠂ ᠡᠯ᠎ᠡ ᠰᠤᠮᠤ ᠪᠠᠯᠭᠠᠰᠤᠨ ᠤ ᠨᠢᠭᠡᠴᠢ ᠶᠢᠨ ᠪᠠᠷᠢᠯᠳᠤᠭᠠᠨ᠂ ᠰᠠᠷ᠎ᠠ ᠰᠢᠨ᠎ᠡ ᠶᠢᠨ ᠬᠦᠨᠳᠦᠳᠬᠡᠯ ᠤᠨ ᠪᠠᠷᠢᠯᠳᠤᠭᠠᠨ᠂ ᠪᠦᠬᠦ ᠤᠷᠤᠨ ᠤ 25 ᠨᠠᠰᠤᠨ ᠠᠴᠠ ᠲᠤᠷᠤᠭᠰᠢ ᠵᠠᠯᠠᠭᠤ ᠪᠦᠬᠡᠴᠦᠳ ᠤᠨ ᠤᠯᠠᠮᠵᠢᠯᠠᠯᠳᠤ ᠪᠠᠷᠢᠯᠳᠤᠭᠠᠨ ᠵᠢᠴᠢ ᠬᠦᠯᠦᠨ ᠪᠤᠶᠢᠷ ᠬᠤᠳᠠ ᠶᠢᠨ ᠠᠩᠬᠠᠳᠤᠭᠠᠷ ᠤᠳᠠᠭᠠᠨ ᠤ ᠮᠤᠩᠭᠤᠯ ᠪᠦᠬᠡ ᠶᠢᠨ ᠠᠶᠢᠮᠠᠭ ᠤᠨ ᠴᠤᠯᠠ ᠤᠯᠭᠤᠬᠤ ᠪᠠᠷᠢᠯᠳᠤᠭᠠᠨ ᠵᠡᠷᠭᠡ ᠲᠤᠮᠤᠬᠠᠨ ᠬᠡᠪᠴᠢᠶᠡᠨ ᠤ ᠨᠠᠶᠢᠷ ᠨᠠᠭᠠᠳᠤᠮ ᠢ ᠡᠷᠭᠢᠯᠡᠨ ᠶᠠᠪᠤᠭᠳᠠᠭᠤᠯᠤᠭᠰᠠᠨ ᠠᠴᠠ ᠲᠤᠰ ᠬᠤᠰᠢᠭᠤᠨ ᠤ ᠪᠦᠬᠡ ᠶᠢᠨ ᠴᠢᠨᠠᠷ ᠴᠢᠨᠰᠠᠭ᠎ᠠ ᠲᠡᠭᠡᠭᠰᠢᠯᠡᠵᠤ ᠤᠯᠤᠰ ᠤᠨ ᠲᠤᠳᠤᠭᠠᠳᠤ ᠭᠠᠳᠠᠭᠠᠳᠤ ᠶᠢᠨ ᠤᠷᠤᠯᠳᠤᠭᠠᠨ ᠲᠡᠮᠡᠴᠡᠭᠡᠨ᠂ ᠪᠤᠰᠤᠳ ᠠᠶᠢᠮᠠᠭ ᠬᠤᠳᠠ ᠶᠢᠨ ᠨᠠᠶᠢᠷ ᠨᠠᠭᠠᠳᠤᠮ ᠳᠤ ᠠᠮᠵᠢᠯᠳᠠ ᠲᠠᠢ ᠤᠷᠤᠯᠴᠠᠵᠤ᠂ ᠨᠤᠳᠤᠭ ᠤᠷᠤᠨ ᠤ ᠪᠠᠨ ᠨᠡᠷ᠎ᠡ ᠠᠯᠳᠠᠷ ᠢ ᠡᠷᠭᠦᠵᠤ ᠶᠠᠪᠤᠨ᠎ᠠ᠃

ᠰᠢᠨ᠎ᠡ ᠪᠠᠷᠭᠤ ᠵᠡᠬᠦᠨ ᠬᠤᠰᠢᠭᠤᠨ ᠤ ᠪᠦᠬᠡ ᠶᠢᠨ ᠨᠡᠶᠢᠬᠡᠮᠯᠢᠭ ᠨᠢ ᠪᠦᠬᠡ ᠶᠢᠨ ᠠᠷᠢᠭᠤᠨ ᠦᠢᠯᠡᠰ ᠢᠶᠠᠨ ᠤᠯᠠᠮᠵᠢᠯᠠᠨ ᠬᠦᠭᠵᠢᠬᠦᠯᠬᠦ ᠪᠠᠷ ᠬᠠᠷᠠᠯᠳᠠ ᠪᠤᠯᠭᠠᠵᠤ᠂ ᠪᠦᠬᠡ ᠶᠢᠨ ᠪᠠᠷᠢᠯᠳᠤᠭᠠᠨ ᠢ ᠲᠦᠷᠢᠮᠵᠢᠭᠦᠯᠵᠤ ᠬᠦᠭᠵᠢᠬᠦᠯᠬᠦ ᠦᠢᠯᠡᠰ ᠲᠤ ᠴᠢᠷᠮᠠᠶᠢᠨ ᠠᠵᠢᠯᠯᠠᠵᠤ᠂ ᠬᠤᠶᠢᠰᠢᠳᠠ ᠪᠦᠬᠡᠴᠦᠳ ᠤᠨ ᠦᠵᠡᠯ ᠤᠬᠠᠮᠰᠠᠷ᠂ ᠶᠤᠰᠤ ᠰᠤᠷᠳᠠᠬᠤᠨ ᠤ ᠬᠦᠮᠦᠵᠢᠯ ᠢ ᠴᠢᠩᠭᠠᠳᠬᠠᠬᠤ ᠲᠤᠰᠬᠠᠢ ᠪᠤᠯᠪᠠᠰᠤᠷᠠᠯ ᠢ ᠡᠷᠬᠢᠯᠡᠵᠤ᠂ ᠪᠠᠷᠢᠯᠳᠤᠭᠠᠨ ᠤ ᠲᠦᠷᠢᠮ ᠲᠤᠭᠳᠠᠭᠠᠯ ᠢ ᠬᠠᠳᠠᠭᠤ ᠴᠢᠩᠭ᠎ᠠ ᠲᠦᠷᠢᠮᠵᠢᠬᠦᠯᠬᠦ᠂ ᠰᠤᠷᠭᠠᠭᠤᠯᠢ ᠶᠢᠨ ᠬᠦᠷᠢᠶᠡᠨ ᠳᠠᠬᠢ ᠦᠰᠪᠦᠷᠢ ᠪᠠᠭᠠᠴᠤᠳ ᠤᠨ ᠮᠤᠩᠭᠤᠯ ᠪᠦᠬᠡ ᠶᠢᠨ ᠪᠠᠷᠢᠯᠳᠤᠭᠠᠨ ᠢ ᠵᠤᠬᠢᠶᠠᠨ ᠪᠠᠶᠢᠭᠤᠯᠵᠤ᠂ ᠪᠦᠬᠡ ᠶᠢᠨ ᠦᠯᠦᠭᠡᠢ ᠨᠤᠳᠤᠭ ᠤᠨ ᠰᠤᠶᠤᠯ ᠤᠨ ᠬᠦᠷᠦᠰᠦᠨ ᠠᠴᠠ ᠢᠷᠡᠭᠡᠳᠦᠢ ᠳᠤ ᠨᠡᠩ ᠤᠯᠠᠨ ᠦᠶ᠎ᠡ ᠦᠶ᠎ᠡ ᠶᠢᠨ ᠠᠪᠤᠷᠭᠤ ᠪᠦᠬᠡ ᠶᠢ ᠬᠦᠮᠦᠵᠢᠬᠦᠯᠦᠨ ᠭᠠᠷᠭᠠᠬᠤ ᠪᠠᠷ ᠴᠢᠷᠮᠠᠶᠢᠨ ᠠᠵᠢᠯᠯᠠᠵᠤ ᠪᠤᠢ᠃



ᠢᠷᠡᠯᠳᠡ : 

ᠬᠦᠯᠦᠨ ᠪᠤᠢ᠌ᠢᠷ ᠮᠤᠩᠭᠤᠯ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ