ᠬᠥᠬᠡᠬᠤᠳᠠ ᠶᠢᠨ ᠬᠥᠯ ᠪᠥᠮᠪᠦᠭᠡ ᠶᠢᠨ ᠠᠩᠭᠢ ᠥᠢᠷ᠎ᠠ ᠳᠤ ᠬᠦᠴᠢᠷ ᠪᠡᠷᠬᠡᠰᠢᠶᠡᠯ ᠲᠠᠢ ᠪᠠᠶᠢᠳᠠᠯ ᠲᠤᠤᠷ᠎ᠠ ᠳᠡᠰ ᠢᠶᠠᠨ ᠬᠠᠮᠠᠭᠠᠯᠠᠨ 7 ᠲᠠᠯᠠᠪᠤᠷ ᠤᠷᠤᠯᠳᠤᠭᠠᠨ ᠳᠤ ᠵᠠᠯᠭᠠᠭ᠎ᠠ ᠪᠠᠷ ᠢᠯᠠᠵᠠᠢ᠃ ᠭᠡᠬᠦ ᠳᠡᠭᠡᠨ 6 ᠲᠠᠯᠠᠪᠤᠷ ᠤᠷᠤᠯᠳᠤᠭᠠᠨ ᠳᠤ ᠡᠰᠡᠷᠬᠦ ᠡᠳᠡᠭᠡᠳ ᠲᠡᠭᠡᠨ ᠭᠠᠭᠴᠠ ᠪᠥᠮᠪᠦᠭᠡ ᠤᠷᠤᠭᠤᠯᠬᠤ ᠵᠠᠪᠰᠢᠶᠠᠨ ᠴᠤ ᠤᠯᠭᠤᠬᠰᠠᠨ ᠥᠬᠡᠢ ᠪᠠᠷ ᠬᠡᠳᠤ ᠲᠠᠰ ᠤᠨ ᠤᠷᠤᠯᠳᠤᠭᠠᠨ ᠳᠤ ᠤᠷᠤᠯᠴᠠᠬᠤ ᠡᠷᠭᠡ ᠶᠢ ᠲᠡᠮᠡᠴᠡᠪᠠ᠃ ᠡᠶᠢᠨ ᠬᠦ ᠬᠥᠯ ᠪᠥᠮᠪᠦᠭᠡ ᠶᠢᠨ ᠪᠠᠭ᠋ᠠᠳᠠᠳ ᠤᠨ ᠲᠤᠮᠳᠠ ᠲᠤᠰ ᠬᠥᠯ ᠪᠥᠮᠪᠦᠭᠡ ᠶᠢᠨ ᠠᠩᠭᠢ ᠶᠢᠨ ᠤᠷᠤᠯᠳᠤᠭᠠᠨ ᠤ ᠲᠤᠬᠠᠢ ᠬᠥᠭᠵᠢᠶᠠᠨ ᠲᠠᠢ ᠵᠤᠭᠤᠬ ᠲᠡᠯᠭᠡᠭᠳᠡᠨ ᠬᠠᠯᠠᠭᠤᠨ ᠪᠠᠶᠡᠷ ᠬᠥᠷᠭᠡᠵᠥ ᠪᠠᠶᠢᠯ᠎ᠠ᠃ ᠬᠦᠬᠡᠬᠤᠲᠠ ᠶᠢᠨ ᠠᠩᠭᠢ ᠬᠦᠴᠦᠷᠬᠡᠭ ᠪᠠᠶᠢᠳᠠᠯ ᠢᠶᠠᠷ ᠬᠡᠳᠤ ᠲᠠᠰ ᠤᠨ ᠤᠷᠤᠯᠳᠤᠭᠠᠨ ᠳᠤ ᠤᠷᠤᠯᠴᠠᠬᠤ ᠡᠷᠭᠡ ᠶᠢ ᠲᠡᠮᠡᠴᠡᠨ ᠤᠯᠤᠭᠰᠠᠨ ᠢᠶᠠᠷ ᠥᠯᠥ ᠪᠠᠷᠠᠨ᠂ ᠲᠦᠷᠦᠭᠦᠦ ᠨᠢᠭᠡ ᠠᠩᠭᠢ ᠠᠴᠠ ᠨᠢᠬᠡ ᠯᠠ ᠬᠤᠪᠢ ᠶᠢᠨ ᠵᠥᠷᠢᠶ᠎ᠠ ᠪᠠᠷ ᠥᠷᠢᠰᠥᠯᠳᠥᠭᠰᠡᠨ ᠪᠡᠶᠡᠷᠯᠡᠭᠤᠰᠢᠳᠠᠢ ᠠᠮᠵᠢᠯᠳᠠ ᠶᠢ ᠪᠢᠴᠢᠭᠯᠡᠭᠰᠡᠨ ᠪᠠᠶᠢᠨ᠎ᠠ᠃
ᠬᠥᠬᠡᠬᠤᠳᠠ ᠶᠢᠨ ᠬᠥᠯ ᠪᠦᠮᠪᠦᠭᠡ ᠶᠢᠨ ᠠᠩᠭᠢ ᠳᠤ ᠴᠤᠬᠤᠮ ᠶᠠᠮᠠᠷ ᠬᠤᠪᠢᠷᠠᠯᠲᠠ ᠪᠤᠶᠤ ᠡᠷᠬᠢᠯᠲᠡ ᠭᠠᠷᠤᠭᠰᠠᠨ ᠪᠤᠢ︖ ᠨᠢᠳᠤᠨᠤᠨ ᠤ ᠬᠠᠮᠤᠭ ᠰᠡᠭᠦᠯᠴᠢ ᠶᠢᠨ ᠨᠢᠭᠡ ᠡᠭᠡᠯᠵᠢ ᠶᠢᠨ ᠤᠷᠤᠯᠳᠤᠭᠠᠨ ᠳᠤ ᠲᠡᠳᠡ ᠠᠷᠠᠶ ᠯᠠ ᠲᠡᠰ ᠢᠶᠠᠨ ᠬᠠᠮᠠᠭᠠᠯᠨᠵᠤ ᠪᠠᠶᠢᠬᠰᠠᠨ ᠪᠠᠬ ᠡᠨᠡ ᠵᠢᠯ ᠶᠠᠭᠠᠬᠢᠭᠠᠳ ᠬᠥᠮᠥᠰ ᠢ ᠲᠤᠷᠭᠢᠭᠤᠯᠤᠮᠠ ᠠᠮᠵᠢᠯᠲᠠ ᠣᠯᠤᠭᠰᠠᠨ ᠪᠤᠢ︖ ᠬᠤᠶᠢᠰᠢᠳᠠ ᠶᠢᠨ ᠤᠷᠳᠤ ᠬᠤᠭᠤᠴᠠᠭᠠᠨ ᠤ ᠲᠤᠷᠰᠢ ᠬᠡᠳᠤ ᠲᠡᠰ ᠤᠨ ᠤᠷᠤᠯᠳᠤᠭᠠᠨ ᠳᠤ ᠤᠷᠤᠯᠴᠠᠬᠤ ᠡᠷᠭᠡ ᠪᠠᠨ ᠬᠥᠢᠴᠡᠳ ᠪᠠᠳᠤᠯᠠᠵᠥ ᠴᠢᠳᠠᠳᠠᠬ ᠪᠤᠯᠪᠠᠤ︖ ᠬᠡᠬᠦ ᠵᠡᠷᠭᠡ ᠠᠰᠠᠭᠤᠯᠲᠠ ᠳᠤ ᠡᠷᠡᠭᠡᠯᠵᠡᠭᠰᠡᠭᠡᠷ ᠰᠤᠷᠪᠤᠯᠵᠢᠯᠠᠭᠴᠢ ᠬᠦᠬᠡᠬᠤᠲᠠ ᠶᠢᠨ ᠬᠥᠯ ᠪᠥᠮᠪᠦᠭᠡ ᠶᠢᠨ ᠠᠩᠭᠢ ᠶᠢᠨ ᠭᠤᠤᠯ ᠲᠠᠰᠬᠠᠯᠵᠢᠭᠤᠯᠤᠬᠴᠢ ᠴᠧᠨ ᠶᠠᠩ ᠢ ᠰᠤᠷᠪᠤᠯᠵᠢᠯᠠᠬᠰᠠᠨ ᠪᠢᠯᠡ᠃
ᠠᠵᠠ ᠲᠣᠬᠢᠶᠠᠯ ᠪᠠ ᠳᠠᠷᠤᠯᠲᠠ ᠵᠡᠷᠭᠡ ᠪᠠᠷ ᠤᠷᠤᠰᠢᠨ᠎ᠠ
— ᠥᠢᠷ᠎ᠠ ᠶᠢᠨ ᠡᠳᠤᠷ ᠤᠳ ᠤᠨ ᠤᠷᠤᠯᠳᠤᠭᠠᠨ ᠳᠤ ᠮᠠᠨ ᠤ ᠲᠠᠮᠢᠷᠴᠢᠳ ᠤᠨ ᠢᠯᠡᠷᠡᠯ ᠰᠠᠶᠢᠨ ᠪᠠᠶᠢᠵᠥ ᠰᠠᠨᠠᠭᠠᠨ ᠠᠴᠠ ᠭᠠᠳᠠᠭᠤᠷ ᠰᠢᠯᠢᠳᠡᠭ ᠬᠢᠷᠢ ᠪᠦᠲᠦᠮᠵᠢ ᠡᠬᠦᠳᠥᠭᠰᠡᠨ ᠪᠠᠶᠢᠨ᠎ᠠ᠃ ᠦᠨᠡᠨ ᠳᠡᠭᠡᠨ ᠪᠢᠳᠡ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠬᠦᠴᠦᠷᠬᠡᠭ ᠠᠩᠭᠢ ᠪᠣᠯᠵᠤ ᠳᠡᠶᠢᠯᠦᠭᠡ ᠦᠭᠡᠢ᠂ ᠵᠥᠪᠬᠡᠨ ᠦᠢᠷ᠎ᠠ ᠶᠢᠨ ᠬᠤᠭᠤᠴᠠᠭᠠᠨ ᠳᠤ 2᠂ 3 ᠲᠠᠯᠠᠪᠤᠷ ᠪᠠᠭᠤᠷᠠᠶ ᠪᠠᠷ ᠬᠦᠴᠦᠷᠬᠡᠭ ᠢ ᠢᠯᠠᠬᠤ ᠤᠷᠤᠯᠳᠤᠭᠠᠨ ᠢ ᠲᠤᠭᠤᠯᠵᠤ᠂ 6᠂ 7 ᠬᠤᠪᠢ ᠣᠯᠤᠭᠰᠠᠨ ᠠᠴᠠ ᠡᠨᠡ ᠬᠦ ᠪᠠᠶᠢᠷᠢᠨ ᠳᠤ ᠭᠠᠷᠤᠬᠰᠠᠨ ᠪᠠᠶᠢᠨ᠎ᠠ ᠬᠡᠵᠥ ᠲᠠᠰᠬᠠᠯᠵᠢᠭᠤᠯᠤᠬᠴᠢ ᠴᠧᠨ ᠶᠠᠩ ᠤᠷᠤᠯᠳᠤᠭᠠᠨ ᠤ ᠬᠢᠷᠢ ᠪᠥᠳᠥᠮᠵᠢ ᠶᠢᠨ ᠢᠶᠠᠨ ᠲᠤᠬᠠᠢ ᠲᠠᠨᠢᠯᠴᠠᠭᠤᠯᠤᠨ᠎ᠠ᠃
ᠲᠡᠷᠡ ᠮᠥᠨ ᠡᠨᠡ ᠬᠦ ᠬᠢᠷᠢ ᠪᠥᠳᠤᠮᠵᠢ ᠪᠠᠨ ᠦᠷᠭᠦᠯᠵᠢᠯᠡᠨ ᠪᠠᠳᠤᠯᠠᠵᠦ ᠲᠡᠶᠢᠯᠬᠦ ᠲᠤᠬᠠᠢ ᠰᠠᠨᠠᠭᠠᠰᠢᠷᠠᠵᠤ ᠪᠠᠶᠢᠯ᠎ᠠ᠃ ᠲᠡᠭᠦᠨ ᠤ ᠦᠵᠡᠬᠦ ᠪᠠᠷ᠂ ᠣᠳᠣᠬᠠᠨ ᠤ ᠬᠢᠷᠢ ᠪᠦᠲᠦᠮᠵᠢ ᠬᠡᠳᠦ᠋ᠢᠪᠡᠷ ᠵᠦᠭᠡᠷ ᠰᠢᠭ ᠪᠣᠯᠪᠠᠴᠤ ᠠᠶᠤᠯ ᠲᠦᠭᠰᠢᠭᠦᠷᠢ ᠪᠣᠯᠤᠨ ᠠᠵᠠ ᠲᠣᠬᠢᠶᠠᠯ ᠵᠡᠷᠭᠡ ᠪᠠᠷ ᠣᠷᠣᠰᠢᠵᠤ᠂ ᠠᠶᠤᠯ ᠲᠦᠭᠰᠢᠭᠦᠷᠢ ᠨᠢ ᠠᠵᠠ ᠲᠣᠬᠢᠶᠠᠯ ᠠᠴᠠ ᠶᠡᠭᠡ ᠰᠢᠭ ᠪᠠᠶᠢᠨ᠎ᠠ᠃ 《ᠣᠳᠣ ᠶᠢᠨ ᠡᠨᠡ ᠬᠦ ᠨᠡᠷᠡᠰ ᠤᠨ ᠵᠢᠭᠰᠠᠭᠠᠯᠲᠠ ᠳᠤ ᠪᠢᠳᠡ ᠪᠣᠯ ᠨᠢᠭᠡᠨ ᠬᠦᠴᠦᠷᠬᠡᠭ ᠠᠩᠭᠢ ᠮᠦᠨ ᠭᠡᠰᠡᠨ ᠲᠦᠷᠦᠭᠳᠡᠯ ᠢ ᠤᠯᠠᠨ ᠳᠤ ᠥᠭᠴᠤ ᠪᠠᠶᠢᠨ᠎ᠠ᠂ ᠭᠡᠪᠡᠴᠦ ᠬᠡᠷᠡᠭ ᠳᠡᠭᠡᠷ᠎ᠡ ᠪᠠᠨ ᠬᠤᠶᠠᠳᠤᠭᠠᠷ ᠠᠴᠠ ᠶᠢᠰᠦᠳᠦᠭᠡᠷ ᠬᠦᠷᠲᠡᠯ᠎ᠡ ᠬᠤᠭᠤᠷᠤᠨᠳᠤ ᠪᠠᠨ ᠵᠥᠪᠬᠡᠨ ᠲᠤᠯᠤᠭᠠᠬᠠᠨ ᠬᠤᠪᠢ ᠶᠢᠨ ᠵᠥᠷᠢᠶ᠎ᠡ ᠲᠠᠢ᠃ ᠥᠭᠡᠷ᠎ᠡ ᠪᠠᠷ ᠬᠡᠯᠡᠪᠡᠯ᠂ ᠬᠤᠶᠠᠷ ᠲᠠᠯᠠᠪᠤᠷ ᠬᠠᠭᠠᠰ ᠤᠷᠤᠯᠳᠤᠭᠠᠨ ᠤ ᠪᠥᠮᠪᠦᠭᠡ ᠪᠣᠯᠤᠨ᠎ᠠ᠃ ᠮᠠᠨ ᠤ ᠠᠩᠭᠢ ᠶᠢᠨ ᠲᠠᠮᠢᠷᠴᠢᠳ ᠥᠪᠡᠷ ᠤᠨ ᠪᠠᠶᠢᠷᠢ ᠲᠤᠬᠳᠠᠭᠠᠯᠳᠠ ᠪᠠᠨ ᠰᠠᠶᠢᠲᠤᠷ ᠦᠢᠯᠠᠭᠠᠬᠤ ᠦᠭᠡᠢ ᠠᠴᠠ ᠪᠤᠯᠵᠥ᠂ ᠬᠥᠭᠰᠡᠨ ᠪᠠᠶᠠᠷᠯᠠᠵᠤ ᠬᠦᠴᠦᠨ ᠢᠶᠠᠨ ᠰᠤᠯᠠᠷᠠᠭᠤᠯᠬᠤ ᠠᠴᠠ ᠠᠶᠤᠵᠤ ᠪᠠᠶᠢᠨ᠎ᠠ᠃ ᠵᠢᠭᠠᠬᠠᠨ ᠰᠤᠯᠠᠷᠠᠪᠠᠯ ᠳᠠᠪᠠᠭᠤᠯᠢᠭ ᠲᠠᠯ᠎ᠠ ᠨᠢ ᠳᠠᠷᠤᠢ ᠣᠷᠣ ᠮᠥᠷ ᠦᠭᠡᠢ ᠪᠤᠯᠵᠥ ᠮᠡᠳᠡᠨ᠎ᠠ ᠰᠢᠤ︕》 ᠬᠡᠵᠥ ᠴᠧᠨ ᠶᠠᠩ ᠤᠴᠢᠷᠯᠠᠨ᠎ᠠ᠃
ᠰᠤᠷᠪᠤᠯᠵᠢᠯᠠᠭ᠎ᠠ ᠳᠤᠮᠳᠠ ᠴᠧᠨ ᠶᠠᠩ ᠤᠨ ᠠᠬᠢᠨ ᠲᠠᠬᠢᠨ ᠴᠢᠬᠤᠯᠠᠴᠢᠯᠠᠨ ᠶᠠᠷᠢᠵᠤ ᠪᠠᠶᠢᠬᠰᠠᠨ ᠵᠦᠢᠯ ᠭᠡᠪᠡᠯ᠂ ᠬᠥᠯ ᠪᠥᠮᠪᠥᠭᠡᠨ ᠤ ᠪᠠᠭ᠋ᠠᠳᠠᠳ ᠪᠠ ᠡᠯ᠎ᠡ ᠡᠲᠡᠭᠡᠳ ᠤᠨ ᠬᠢᠨ ᠤ ᠬᠡᠳᠤ ᠥᠨᠳᠤᠷ ᠬᠦᠰᠡᠯ ᠱᠠᠭᠠᠷᠳᠠᠯᠭ᠎ᠠ ᠪᠠᠨ ᠨᠠᠮᠳᠠᠭᠤᠯᠵᠦ᠂ ᠣᠳᠣᠬᠠᠨ ᠤ ᠪᠢᠳᠡᠨ ᠤ ᠣᠯᠤᠭᠰᠠᠨ ᠠᠮᠵᠢᠯᠲᠠ ᠪᠦᠲᠦᠮᠵᠢ ᠳᠤ ᠣᠶᠤᠨᠴᠢ ᠥᠢᠯᠠᠭᠠᠯᠳᠠ ᠲᠠᠢ ᠪᠠᠶᠢᠬᠤ ᠶᠢ ᠬᠦᠰᠡᠵᠦ ᠪᠠᠶᠢᠯ᠎ᠠ᠃ 《ᠣᠳᠣ ᠶᠢᠨ ᠶᠠᠮᠠᠷ ᠪᠠᠶᠢᠷᠢᠨ ᠳᠤ ᠪᠠᠶᠢᠬᠤ᠂ ᠳᠠᠪᠠᠭᠤᠯᠢᠭ ᠲᠠᠢ ᠪᠠᠶᠢᠬᠤ ᠶᠢ ᠬᠡᠳᠤ ᠥᠨᠳᠤᠷ ᠦᠨᠡᠯᠡᠬᠦ ᠴᠢᠬᠤᠯᠠ ᠦᠭᠡᠢ᠂ ᠬᠡᠷᠪᠡ ᠬᠤᠯᠪᠣᠭᠠᠲᠤ ᠤᠷᠤᠯᠳᠤᠭᠠᠨ ᠳᠠᠭᠤᠰᠤᠭᠰᠠᠨ ᠤ ᠳᠠᠷᠠᠭ᠎ᠠ ᠮᠥᠨ ᠡᠨᠡ ᠬᠦ ᠨᠡᠷᠡᠰ ᠤᠨ ᠵᠢᠭᠰᠠᠭᠠᠯᠲᠠ ᠳᠤ ᠣᠷᠣᠪᠠᠯ ᠰᠠᠶ᠋ᠢ ᠵᠢᠩᠬᠢᠨᠢ ᠲᠡᠰ ᠲᠠᠪᠰᠢᠵᠦ ᠨᠠᠩ ᠤᠳᠬ᠎ᠠ ᠠᠭᠤᠯᠭ᠎ᠠ ᠲᠠᠢ ᠪᠣᠯᠬᠤ ᠶᠤᠮ》 ᠭᠡᠵᠦ ᠲᠡᠷᠡ ᠬᠡᠯᠡᠨ᠎ᠡ᠃
ᠢᠯᠠᠬᠤ ᠠᠷᠭ᠎ᠠ ᠪᠠᠷᠢᠯ ᠢ ᠢᠳᠡᠪᠬᠢᠳᠠᠢ ᠡᠷᠢᠯᠬᠢᠯᠡᠨ᠎ᠠ
ᠦᠵᠡᠯ ᠰᠠᠨᠠᠭᠠᠨ ᠤ ᠲᠠᠯ᠎ᠠ ᠪᠠᠷ ᠬᠢ ᠬᠤᠪᠢᠷᠠᠯᠲᠠ ᠠᠴᠠ ᠭᠠᠳᠠᠨ᠎ᠠ᠂ ᠬᠦᠯ ᠪᠥᠮᠪᠦᠭᠡ ᠶᠢᠨ ᠠᠩᠭᠢ ᠶᠢᠨ ᠲᠠᠮᠢᠷᠴᠢᠨ ᠤ ᠮᠡᠷᠭᠡᠵᠢᠯ ᠪᠠ ᠪᠠᠶᠢᠯᠳᠤᠬᠤ ᠠᠷᠭ᠎ᠠ ᠶᠢᠨ ᠲᠠᠯ᠎ᠠ ᠪᠠᠷ ᠬᠢ ᠳᠡᠭᠡᠭᠰᠢᠯᠡᠯᠲᠡ᠂ ᠬᠦᠴᠦᠨ ᠴᠢᠳᠠᠯ ᠤᠨ ᠵᠤᠬᠢᠴᠠᠭᠤᠯᠤᠯ ᠴᠦ ᠢᠯᠠᠯᠲᠠ ᠣᠯᠬᠤ ᠶᠢᠨ ᠴᠢᠬᠤᠯᠠ ᠡᠯᠧᠮᠧᠨ᠋ᠲ ᠪᠣᠯᠬᠤ ᠶᠤᠮ᠃ ᠬᠦᠬᠡᠬᠤᠲᠠ ᠶᠢᠨ ᠠᠩᠭᠢ ᠵᠠᠯᠭᠠᠭ᠎ᠠ ᠪᠠᠷ 6 ᠲᠠᠯᠠᠪᠤᠷ ᠤᠷᠤᠯᠳᠤᠭᠠᠨ ᠳᠤ ᠥᠷᠢᠰᠥᠯᠳᠦᠭᠴᠢ ᠪᠠᠨ ᠲᠠᠭᠠᠷᠢᠨ ᠢᠯᠡᠵᠥ᠂ 17 ᠡᠭᠡᠯᠵᠢ ᠶᠢᠨ ᠤᠷᠤᠯᠳᠤᠭᠠᠨ ᠳᠤ 11 ᠪᠥᠮᠪᠦᠭᠡ ᠠᠯᠳᠠᠭᠰᠠᠨ ᠨᠢ ᠴᠤ ᠲᠠᠰᠬᠠᠯᠵᠢᠭᠤᠯᠤᠬᠴᠢ ᠶᠢᠨ ᠪᠤᠳᠤᠯ ᠳᠤ ᠪᠠᠶᠢᠬᠰᠠᠨ ᠰᠠᠬᠢᠨ ᠬᠠᠮᠠᠭᠠᠯᠠᠬᠤ ᠪᠦᠮᠪᠦᠭᠡᠨ ᠲᠤᠭ᠎ᠠ ᠲᠠᠢ ᠨᠡᠶᠢᠴᠠᠵᠥ ᠪᠠᠶᠢᠯ᠎ᠠ᠃
《ᠪᠢᠳᠡ 6 ᠤᠳᠠᠭ᠎ᠠ ᠶᠢᠨ ᠤᠷᠤᠯᠳᠤᠭᠠᠨ ᠳᠤᠨᠢ ᠲᠠᠮᠢᠷᠴᠢᠳ ᠠᠷᠤ ᠲᠠᠯ᠎ᠠ ᠪᠠᠨ ᠰᠠᠶᠢᠳᠤᠷ ᠬᠠᠮᠠᠭᠠᠯᠠᠬᠤ ᠶᠢᠨ ᠬᠠᠮᠳᠤ ᠢᠳᠡᠪᠭᠢᠲᠡᠢ ᠲᠠᠭᠠᠷᠢᠯᠲᠠ ᠬᠢᠬᠦ ᠠᠷᠭ᠎ᠠ ᠶᠢ ᠭᠡᠷᠡᠭᠵᠢᠬᠦᠯᠥᠭᠰᠡᠨ ᠠᠴᠠ ᠪᠤᠯᠤᠬᠰᠠᠨ ᠶᠤᠮ᠃ ᠭᠡᠪᠡᠴᠦ ᠠᠳᠠᠯᠢᠬᠠᠨ ᠵᠢᠭᠰᠠᠭᠠᠯ ᠤᠨ ᠪᠠᠶᠢᠳᠠᠯ ᠳᠣᠤᠷ᠎ᠠ ᠪᠢᠳᠡ ᠨᠠᠷᠢᠨ ᠵᠦᠶ᠋ᠯᠡᠰ ᠢ ᠴᠢᠩᠭ᠎ᠠ ᠠᠳᠬᠤᠵᠤ᠂ ᠬᠤᠪᠢ ᠬᠥᠮᠦᠨ ᠤ ᠴᠢᠳᠠᠪᠤᠷᠢ ᠬᠦᠷᠦᠯᠴᠡᠬᠦ ᠦᠭᠡᠢ ᠪᠠᠶᠢᠳᠠᠯ ᠤᠨ ᠳᠣᠤᠷ᠎ᠠ ᠳᠤᠭᠤᠢᠢᠯᠠᠩ ᠪᠠ ᠪᠦᠬᠦ᠋ᠢᠯᠠ ᠴᠣᠭᠴᠠ ᠶᠢ ᠬᠠᠮᠠᠭᠠᠯᠠᠨ ᠰᠠᠬᠢᠬᠤ ᠳᠤ ᠨᠠᠩ ᠢᠯᠡᠭᠦᠦ ᠲᠦᠰᠢᠭᠯᠡᠬᠦ ᠬᠡᠷᠡᠭᠲᠡᠶ》 ᠬᠡᠵᠥ ᠴᠧᠨ ᠶᠠᠩ ᠬᠡᠯᠡᠨ᠎ᠠ᠃ ᠲᠡᠬᠦᠨ ᠤ ᠦᠵᠡᠬᠦ ᠪᠠᠷ᠂ ᠪᠠᠶᠢᠯᠳᠤᠬᠤ ᠠᠷᠭ᠎ᠠ ᠶᠢᠨ ᠵᠢᠷᠤᠭ ᠲᠥᠯᠥᠪᠯᠡᠭᠡ ᠬᠢᠬᠦ ᠳᠡᠭᠡᠨ ᠬᠠᠨᠳᠤᠰᠢ ᠳᠤᠨᠢ ᠲᠤᠬᠢᠷᠠᠭᠤᠯᠤᠨ ᠴᠢᠳᠠᠮᠠᠭᠠᠶ ᠵᠢᠯᠣᠭᠤᠳᠴᠤ᠂ ᠲᠠᠮᠢᠷᠴᠢᠨ ᠤ ᠴᠢᠳᠠᠪᠤᠷᠢ ᠪᠠ ᠣᠨᠴᠠᠯᠢᠭ ᠲᠤᠨᠢ ᠲᠤᠬᠢᠷᠠᠭᠤᠯᠤᠨ ᠲᠠᠪᠠᠭᠤᠯᠢᠬ ᠤᠷ᠎ᠠ ᠮᠡᠷᠭᠡᠵᠢᠯ ᠢᠶᠠᠷ ᠨᠢ ᠲᠠᠭᠠᠷᠢᠨ ᠴᠣᠬᠢᠬᠤ ᠠᠷᠭ᠎ᠠ ᠶᠢ ᠲᠣᠬᠢᠷᠠᠭᠤᠯᠵᠤ᠂ ᠲᠠᠮᠢᠷᠴᠢᠨ ᠤ ᠲᠤᠰ ᠪᠡᠶ᠎ᠡ ᠳᠤᠨᠢ ᠲᠣᠬᠢᠷᠠᠭᠰᠠᠨ ᠪᠥᠮᠪᠦᠭᠡ ᠤᠷᠤᠭᠤᠯᠬᠤ ᠠᠷᠭ᠎ᠠ ᠮᠠᠶ᠋ᠢᠭ ᠢ ᠡᠷᠢᠬᠦ ᠬᠡᠷᠡᠭᠲᠡᠶ᠂ ᠡᠨᠡ ᠲᠠᠯ᠎ᠠ ᠪᠠᠷ ᠣᠳᠣᠬᠠᠨ ᠳᠤ ᠬᠥᠬᠡᠬᠤᠳᠠ ᠶᠢᠨ ᠠᠩᠭᠢ ᠨᠡᠯᠢᠶᠡᠳ ᠰᠠᠶᠢᠨ ᠬᠢᠵᠦ ᠪᠠᠶᠢᠨ᠎ᠠ ᠭᠡᠯᠡ᠃
《ᠨᠡᠷᠡᠰ ᠤᠨ ᠵᠢᠭᠰᠠᠭᠠᠯᠲᠠ ᠶᠢᠨ ᠳᠡᠭᠡᠭᠰᠢᠯᠡᠯᠲᠡ ᠳᠤ ᠯᠠᠪᠲᠠᠶ ᠠᠯᠳᠠᠭᠰᠠᠨ ᠬᠤᠪᠢ ᠨᠢ ᠪᠠᠭ᠎ᠠ᠂ ᠣᠷᠣᠭᠤᠯᠤᠭᠰᠠᠨ ᠪᠥᠮᠪᠦᠭᠡ ᠤᠯᠠᠨ ᠪᠠᠶᠢᠬᠤ ᠭᠡᠷᠡᠭᠳᠠᠢ᠃ ᠤᠳᠤᠬᠠᠨ ᠳᠤ ᠪᠢᠳᠡ ᠵᠥᠪᠬᠡᠨ ᠨᠢᠭᠡ ᠬᠡᠰᠡᠭ ᠢ ᠯᠠ ᠰᠠᠶᠢᠳᠤᠷ ᠪᠡᠶᠡᠯᠡᠭᠦᠯᠵᠦ ᠪᠤᠢ》᠃ ᠪᠥᠮᠪᠦᠭᠡᠨ ᠠᠩᠭᠢ ᠶᠢᠨ ᠰᠠᠬᠢᠨ ᠬᠠᠮᠠᠭᠠᠯᠠᠬᠤ ᠰᠢᠰᠲ᠋ᠧᠮ ᠤᠨ ᠪᠥᠷᠢᠯᠳᠥᠯ ᠲᠠᠢ ᠬᠠᠷᠢᠴᠠᠭᠤᠯᠪᠠᠯ᠂ ᠴᠧᠨ ᠶᠠᠩ ᠲᠠᠭᠠᠷᠢᠯᠲᠠ ᠬᠢᠬᠦ ᠳᠤ ᠤᠷᠤᠰᠢᠵᠦ ᠪᠠᠶᠢᠭ᠎ᠠ ᠠᠰᠠᠭᠤᠳᠠᠯ ᠢᠶᠠᠨ ᠴᠤ ᠨᠡᠩ ᠲᠤᠲᠤᠷᠬᠠᠢ ᠦᠢᠯᠠᠭᠠᠨ᠎ᠠ᠃ 《ᠪᠢᠳᠡ 17 ᠡᠭᠡᠯᠵᠢ ᠶᠢᠨ ᠤᠷᠤᠯᠳᠤᠭᠠᠨ ᠳᠤ ᠡᠰᠡᠷᠬᠦ ᠡᠳᠡᠭᠡᠳ ᠤᠨ ᠡᠬᠦᠳᠠᠨ ᠳᠤ 17 ᠪᠥᠮᠪᠦᠭᠡ ᠢᠰᠬᠦᠯᠥᠡ ᠣᠷᠣᠭᠤᠯᠪᠠ᠂ ᠡᠨᠡ ᠨᠢ ᠨᠢᠭᠡᠨ ᠳᠡᠰ ᠢ ᠪᠠᠲᠤᠯᠠᠬᠤ ᠣᠷᠣᠨ ᠤ ᠲᠤᠭ᠎ᠠ ᠪᠠᠷᠢᠮᠲᠠ ᠪᠤᠯᠬᠤ ᠶᠤᠮ᠃ ᠬᠡᠷᠪᠡ ᠪᠢᠳᠡ ᠠᠷᠤ ᠲᠠᠯ᠎ᠠ ᠶᠢᠨ ᠬᠠᠮᠠᠭᠠᠯᠠᠯᠳᠠ ᠶᠢ ᠰᠠᠶᠢᠳᠤᠷ ᠬᠢᠭᠰᠡᠨ ᠥᠬᠡᠢ ᠪᠤᠯ ᠯᠠᠪᠲᠠᠶ ᠣᠳᠣ ᠶᠢᠨ ᠡᠨᠡ ᠨᠡᠷᠡᠰ ᠤᠨ ᠵᠢᠭᠰᠠᠭᠠᠯᠲᠠ ᠳᠤ ᠤᠷᠤᠵᠥ ᠲᠠᠶᠢᠯᠬᠦ ᠥᠬᠡᠢ ᠶᠤᠮ》 ᠭᠡᠵᠦ ᠲᠡᠷᠡ ᠶᠠᠷᠢᠵᠤ ᠪᠠᠶᠢᠯ᠎ᠠ᠃
ᠬᠥᠯ ᠪᠥᠮᠪᠦᠭᠡ ᠶᠢᠨ ᠬᠥᠳᠡᠯᠭᠡᠭᠡᠨ ᠤ ᠠᠮᠢᠵᠢᠷᠠᠯ ᠤᠨ ᠬᠦᠴᠦᠨ ᠢ ᠲᠡᠭᠡᠭᠰᠢᠯᠡᠬᠦᠯᠥᠨ᠎ᠠ
ᠬᠡᠳᠤ ᠤᠳᠠᠭ᠎ᠠ ᠶᠢᠨ ᠤᠷᠤᠯᠳᠤᠭᠠᠨ ᠢᠶᠠᠷ ᠲᠠᠮᠵᠢᠨ ᠮᠠᠨ ᠤ ᠬᠥᠯ ᠪᠥᠮᠪᠦᠭᠡ ᠶᠢᠨ ᠠᠩᠭᠢ ᠶᠢᠨ ᠤᠷᠤᠯᠳᠤᠭᠠᠨ ᠤ ᠢᠷᠡᠭᠡᠳᠤᠢ ᠰᠠᠷᠠᠭᠤᠯ ᠲᠡᠷᠳᠠᠩ ᠰᠢᠬ ᠪᠤᠯᠤᠬᠰᠠᠨ ᠪᠤᠯᠪᠠᠴᠤ ᠬᠥᠯ ᠪᠥᠮᠪᠦᠭᠡ ᠶᠢᠨ ᠠᠩᠭᠢ ᠳᠤ ᠥᠭᠡᠷᠡᠴᠢᠯᠡᠯᠲᠡ ᠲᠤᠬᠢᠷᠠᠭᠤᠯᠤᠯᠳᠠ ᠬᠢᠬᠦ ᠨᠢ ᠲᠤᠯᠭᠠᠮ ᠶᠠᠪᠤᠳᠠᠯ ᠪᠤᠯᠤᠬᠰᠠᠨ ᠢ ᠴᠧᠨ ᠶᠠᠩ ᠲᠤᠳᠤᠬᠠᠨ ᠮᠡᠳᠡᠵᠦ ᠪᠠᠶᠢᠯ᠎ᠠ᠃ 《ᠲᠦᠮᠡᠨ ᠲᠠᠪᠬᠤᠷ ᠥᠨᠳᠥᠷ ᠠᠰᠠᠷ ᠲᠡᠭᠰᠢ ᠭᠠᠵᠠᠷ ᠠᠴᠠ ᠪᠣᠰᠤᠨ᠎ᠠ᠂ ᠪᠥᠮᠪᠥᠬᠡᠨ ᠠᠩᠭᠢ ᠳᠤ ᠡᠮᠥᠨ᠎ᠠ ᠹᠷᠥᠨᠲ ᠲᠤ ᠭᠠᠪᠰᠢᠭᠠᠢᠢᠯᠠᠬᠤ ᠪᠠᠬ ᠢ ᠬᠥᠭᠵᠢᠭᠦᠯᠬᠦ ᠪᠠᠷ ᠪᠠᠷᠠᠬᠤ ᠦᠭᠡᠢ ᠪᠠᠰᠠ ᠥᠪᠡᠷᠮᠢᠴᠡ ᠤᠨᠴᠠᠯᠢᠬᠳᠤ ᠪᠠᠶᠢᠯᠳᠤᠭᠠᠨ ᠤ ᠠᠷᠭ᠎ᠠ ᠲᠠᠢ ᠪᠠᠶᠢᠬᠤ ᠬᠡᠷᠡᠭᠲᠡᠶ᠂ ᠨᠠᠩ ᠴᠤ ᠺᠯᠦ᠋ᠪ ᠤᠨ ᠰᠣᠶᠣᠯ ᠪᠠ ᠭᠥᠯ ᠪᠥᠮᠪᠦᠭᠡ ᠶᠢᠨ ᠪᠠᠭ᠋ᠠᠳᠡᠳ ᠤᠨ ᠰᠣᠶᠣᠯ ᠢ ᠬᠥᠭᠵᠢᠭᠦᠯᠬᠦ ᠭᠡᠷᠡᠭᠳᠠᠢ᠃ ᠮᠥᠨ ᠬᠥᠯ ᠪᠥᠮᠪᠦᠭᠡ ᠶᠢᠨ ᠵᠠᠯᠠᠭᠤ ᠨᠢᠬᠡ ᠥᠶ᠎ᠠ ᠶᠢᠨ ᠲᠠᠮᠢᠷᠴᠢᠨ ᠤ ᠪᠣᠯᠪᠠᠰᠤᠷᠠᠯ ᠤᠨ ᠰᠢᠰᠲ᠋ᠧᠮ ᠪᠠ ᠱᠠᠲᠤᠯᠢᠬ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠨ ᠬᠥᠭᠵᠢᠭᠦᠯᠵᠦ᠂ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ》 ᠭᠡᠵᠦ ᠲᠡᠷᠡ ᠶᠠᠷᠢᠪᠠ᠃
《ᠪᠠᠯᠠ ᠮᠥᠩᠭᠦᠨ ᠤ ᠪᠣᠳᠠᠲᠤ ᠬᠦᠴᠦᠨ ᠳᠤ ᠲᠦᠰᠢᠭᠯᠡᠬᠦ ᠳᠤ ᠬᠥᠷᠪᠠᠯ ᠥᠨᠠᠨ ᠳᠡᠭᠡᠨ ᠮᠠᠰᠢ ᠤᠯᠠᠨ ᠰᠢᠯᠢᠳᠡᠭ ᠰᠤᠳᠤᠨ ᠲᠠᠮᠢᠷᠴᠢᠨ ᠢ ᠲᠠᠳᠠᠨ ᠠᠪᠴᠢᠷᠠᠵᠥ ᠪᠤᠯᠳᠠᠬ᠃ ᠢᠩᠬᠢᠭᠡᠳ ᠶᠠᠮᠠᠷ ᠨᠢᠭᠡᠨ ᠤᠷᠤᠯᠳᠤᠭᠠᠨ ᠤ ᠤᠯᠠᠷᠢᠯ ᠳᠤ ᠬᠦᠴᠦᠷᠬᠡᠭ ᠠᠩᠭᠢ ᠪᠣᠯᠵᠤ ᠮᠡᠳᠡᠨ᠎ᠡ᠂ ᠭᠡᠪᠡᠴᠦ ᠡᠨᠡ ᠨᠢ ᠥᠪᠡᠷ ᠤᠨ ᠬᠥᠯ ᠪᠥᠮᠪᠦᠭᠡ ᠶᠢᠨ ᠰᠣᠶᠣᠯ ᠢᠶᠠᠨ ᠪᠣᠶ ᠪᠣᠯᠭᠠᠵᠤ᠂ ᠣᠷᠣᠨ ᠨᠤᠲᠤᠭ ᠤᠨ ᠬᠥᠯ ᠪᠥᠮᠪᠦᠭᠡ ᠶᠢᠨ ᠬᠥᠳᠡᠯᠭᠡᠭᠡᠨ ᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠭᠰᠡᠨ ᠶᠠᠪᠤᠳᠠᠯ ᠪᠢᠰᠢ ᠶᠤᠮ᠃ ᠵᠢᠩᠬᠢᠨᠢ ᠬᠥᠯ ᠪᠥᠮᠪᠦᠭᠡ ᠶᠢᠨ ᠰᠣᠶᠣᠯ ᠨᠢ ᠡᠷᠬᠡᠪᠰᠢ ᠤᠷᠳᠤ ᠬᠤᠭᠤᠴᠠᠭᠠᠨ ᠤ ᠴᠥᠬᠦᠷᠡᠰᠢ ᠦᠭᠡᠢ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠰᠢᠨ᠎ᠡ ᠰᠣᠷᠭᠤᠭ ᠬᠦᠴᠦᠨ ᠪᠣᠯᠤᠨ ᠱᠠᠲᠤᠯᠢᠬ ᠡᠩᠨᠡᠭᠡ ᠶᠢᠨ ᠪᠠᠶᠢᠭᠤᠯᠤᠯᠲᠠ ᠲᠠᠢ ᠪᠤᠯᠤᠮᠠᠨᠵᠢᠨ ᠰᠠᠶ᠋ᠢ ᠡᠮᠥᠨ᠎ᠠ ᠹᠷᠣᠨᠲ ᠤᠨ ᠰᠢᠯᠢᠳᠡᠭ ᠬᠢᠷᠢ ᠪᠦᠲᠦᠮᠵᠢ ᠶᠢ ᠡᠬᠦᠳᠴᠤ ᠴᠢᠳᠠᠬᠤ ᠶᠤᠮ》 ᠬᠡᠵᠥ ᠴᠧᠨ ᠶᠠᠩ ᠲᠠᠶᠢᠯᠪᠤᠷᠢᠯᠠᠨ ᠬᠡᠯᠡᠨ᠎ᠠ᠃︵ ᠦᠷᠭᠡᠨ︶
ᠢᠷᠡᠯᠳᠡ :
ᠦᠪᠦᠷ ᠮᠤᠩᠭᠤᠯ ᠤᠨ ᠡᠳᠦᠷ ᠦᠨ ᠰᠤᠨᠢᠨ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ