ᠰᠤᠷᠪᠤᠯᠵᠢᠯᠠᠬᠴᠢ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠡᠴᠡ ᠤᠶᠢᠯᠠᠭᠠᠬᠰᠠᠨ ᠢᠶᠡᠷ᠂ ᠪᠡᠭᠡᠵᠢᠩ ᠤᠨ ᠡᠪᠦᠯ ᠤᠨ ᠤᠯᠢᠮᠫᠢᠺ ᠤᠨ ᠴᠢᠬᠤᠯᠠ ᠪᠤᠯᠬᠤ ᠵᠠᠮ ᠬᠠᠷᠢᠯᠴᠠᠭᠠᠨ ᠤ ᠪᠠᠲᠤᠯᠠᠭᠠᠨ ᠤ ᠢᠨᠵᠸᠨ᠋ᠸᠷᠢᠩ -- ᠶᠠᠨ ᠴᠢᠩ ᠡᠴᠡ ᠴᠦᠩ ᠯᠢ ᠬᠦᠷᠬᠦ ᠬᠤᠷᠳᠤᠨ ᠤ ᠵᠠᠰᠠᠮᠠᠯ ᠵᠠᠮ ᠤᠨ ᠸᠸᠨ ᠴᠢᠤᠸᠠᠨ ᠲᠤᠮᠤ ᠬᠦᠭᠦᠷᠭᠡ ᠵᠢ ᠪᠠᠶᠢᠭᠤᠯᠵᠦ ᠳᠠᠭᠤᠰᠴᠤ᠂ ᠡᠨᠡ ᠨᠢ 2022 ᠤᠨ ᠤ ᠪᠡᠭᠡᠵᠢᠩ ᠤᠨ ᠡᠪᠦᠯ ᠤᠨ ᠤᠯᠢᠮᠫᠢᠺ ᠤᠨ ᠶᠠᠨ ᠴᠢᠩ ᠳᠡᠬᠢ ᠲᠡᠮᠡᠴᠡᠭᠡᠨ ᠤ ᠲᠠᠯᠠᠪᠤᠷ ᠬᠦᠷᠬᠦ ᠬᠤᠷᠳᠤᠨ ᠤ ᠵᠠᠰᠠᠮᠠᠯ ᠵᠠᠮ ᠨᠡᠪᠲᠡᠷᠡᠭᠰᠡᠨ ᠢ ᠬᠠᠷᠠᠭᠤᠯᠵᠦ ᠪᠤᠢ᠃

ᠶᠠᠨ ᠴᠢᠩ ᠡᠴᠡ ᠴᠦᠩ ᠯᠢ ᠬᠦᠷᠬᠦ ᠬᠤᠷᠳᠤᠨ ᠤ ᠵᠠᠰᠠᠮᠠᠯ ᠵᠠᠮ ᠨᠢ 116 ᠺᠢᠯᠤᠮᠸᠲ᠋ᠷ ᠤᠷᠳᠤ᠂ 80 ᠺᠢᠯᠤᠮᠸᠲ᠋ᠷ ᠤᠨ ᠬᠤᠷᠳᠤᠴᠠ ᠪᠡᠷ ᠲᠦᠯᠦᠪᠯᠡᠵᠦ᠂ ᠬᠤᠤᠰ ᠴᠢᠭᠯᠡᠯᠲᠤ 4 ᠤᠷᠤᠰᠬᠠᠯ ᠲᠠᠢ᠃ ᠠᠰᠢᠬᠯᠠᠯᠲᠠ ᠳᠤ ᠤᠷᠤᠬᠰᠠᠨ ᠤ ᠰᠡᠭᠦᠯᠡᠷ ᠪᠡᠭᠡᠵᠢᠩ ᠡᠴᠡ ᠶᠠᠨ ᠴᠢᠩ ᠳᠡᠬᠢ ᠲᠡᠮᠡᠴᠡᠭᠡᠨ ᠤ ᠲᠠᠯᠠᠪᠤᠷ ᠬᠦᠷᠬᠦ ᠳᠤ 50 ᠮᠢᠨᠦ᠋ᠲ ᠠᠶᠠᠯᠠᠵᠦ᠂ ᠴᠦᠩ ᠯᠢ ᠳᠡᠬᠢ ᠲᠡᠮᠡᠴᠡᠭᠡᠨ ᠤ ᠲᠠᠯᠠᠪᠤᠷ ᠬᠦᠷᠬᠦ ᠳᠤ 1.5 ᠴᠠᠬ ᠬᠡᠷᠡᠭᠰᠡᠨ᠎ᠡ᠃

ᠢᠷᠡᠯᠳᠡ : 

ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ