ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠤᠶᠠᠭᠠᠴᠢᠳ ᠤᠨ ᠴᠤᠬᠯᠠᠭᠠᠨ ᠵᠢᠴᠢ ᠨᠤᠭᠤᠰᠤᠳᠠᠢ ᠪᠠᠯᠭᠠᠰᠤᠨ ᠤ ᠠᠩᠬᠠᠳᠠᠬᠴᠢ ᠲᠠᠯ ᠠ ᠨᠤᠲᠤᠬ ᠤᠨ ᠰᠤᠶᠤᠯ ᠤᠨ ᠨᠠᠶᠢᠷ ᠤᠢᠢᠷ᠎ᠠ ᠳᠤ ᠨᠤᠭᠤᠰᠤᠲᠠᠢ ᠪᠠᠯᠭᠠᠰᠤᠨ ᠤ ᠳᠤᠨᠤᠢ ᠶᠢᠨ ᠠᠶᠢᠯ ᠤᠨ ᠲᠥᠮᠡᠨ ᠮᠥ ᠲᠠᠯ᠎ᠠ ᠳᠤ ᠶᠠᠪᠤᠬᠳᠠᠯ᠎ᠠ᠃ ᠨᠠᠶᠢᠷ ᠲᠤ ᠲᠤᠰ ᠬᠤᠰᠢᠭᠤᠨ ᠤ 60 ᠭᠠᠷᠤᠢ ᠤᠷᠤᠯᠳᠤᠭᠠᠨ ᠤ ᠬᠥᠯᠥᠭ ᠬᠥᠴᠥ ᠲᠠᠮᠢᠷ ᠢᠶᠠᠨ ᠰᠢᠯᠭᠠᠵᠤ᠂ ᠡᠨᠡ ᠨᠤᠲᠤᠬ ᠤᠨ ᠤᠶᠠᠭᠠᠴᠢᠳ ᠤᠨ ᠤᠷ᠎ᠠ ᠴᠢᠳᠠᠪᠥᠷᠢ ᠶᠢ ᠭᠠᠶᠢᠬᠠᠭᠤᠯᠤᠬᠰᠠᠨ ᠪᠠᠶᠢᠨ᠎ᠠ᠃
ᠲᠤᠰ ᠴᠤᠬᠯᠠᠭᠠᠨ ᠨᠢ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠤᠬᠳᠤᠵᠤ᠂ ᠮᠤᠩᠭᠤᠯ ᠤᠯᠠᠮᠵᠢᠯᠠᠯᠳᠤ ᠰᠤᠶᠤᠯ ᠢᠶᠠᠨ ᠤᠯᠠᠮᠵᠢᠯᠠᠨ ᠬᠥᠭᠵᠢᠭᠦᠯᠥᠨ᠂《ᠮᠤᠩᠭᠤᠯ ᠮᠤᠷᠢ ᠶᠢᠨ ᠵᠤᠷᠢᠬ ᠰᠠᠨᠠᠭ᠎ᠠ》 ᠶᠢ ᠪᠠᠳᠠᠷᠠᠭᠤᠯᠵᠤ᠂ ᠥᠨᠳᠥᠰᠥᠲᠠᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠥᠢᠯᠡᠰ ᠢ ᠬᠥᠭᠵᠢᠭᠦᠯᠥᠨ ᠤᠷᠤᠨ ᠨᠤᠳᠤᠬ ᠤᠨ ᠲᠥᠷᠥᠯ ᠳᠡᠮᠳᠡᠭ ᠢ ᠡᠭᠦᠳᠬᠦ ᠪᠠᠷ ᠵᠤᠷᠢᠯᠭ᠎ᠠ ᠪᠠᠨ ᠪᠤᠯᠭᠠᠵᠤ᠂ ᠬᠤᠷᠳᠤᠨ ᠮᠤᠷᠢᠨ ᠤ ᠤᠷᠤᠯᠳᠤᠭᠠᠨ᠂ ᠵᠢᠷᠤᠭ᠎ᠠ ᠮᠤᠷᠢᠨ ᠤ ᠤᠷᠤᠯᠳᠤᠭᠠᠨ᠂ ᠪᠥᠬᠡ ᠪᠠᠷᠢᠯᠳᠤᠬᠤ᠂ ᠳᠡᠭᠡᠰᠥ ᠳᠠᠳᠠᠬᠤ ᠵᠡᠷᠭᠡ ᠤᠷᠤᠯᠳᠤᠭᠠᠨ ᠲᠤᠬᠢᠷᠠᠭᠤᠯᠬᠤ ᠶᠢᠨ ᠬᠠᠮᠳᠤ ᠪᠠᠰᠠ ᠥᠨᠳᠥᠰᠥᠲᠠᠨ ᠤ ᠬᠤᠪᠴᠠᠰᠤ ᠵᠠᠰᠠᠯ ᠤᠨ ᠥᠵᠡᠭᠦᠯᠥᠯᠭᠡ᠂ ᠨᠤᠲᠤᠬ ᠤᠨ ᠭᠠᠷᠤᠯᠳᠠ ᠶᠢᠨ ᠪᠤᠷᠤᠯᠠᠭᠤᠯᠭ᠎ᠠ ᠵᠡᠷᠭᠡ ᠶᠢ ᠡᠷᠬᠢᠯᠡᠭᠰᠡᠨ ᠪᠠᠶᠢᠨ᠎ᠠ᠃
ᠬᠤᠷᠴᠢᠨ ᠵᠡᠭᠦᠨ ᠭᠠᠷᠤᠨ ᠬᠤᠶᠢᠳᠤ ᠬᠤᠰᠢᠭᠤ ᠨᠢ《ᠠᠵᠢᠨᠠᠢ ᠬᠥᠯᠥᠭ ᠤᠨ ᠨᠤᠲᠤᠬ》ᠬᠡᠮᠡᠨ ᠠᠯᠳᠠᠷᠰᠢᠵᠤ᠂ ᠵᠠᠨ᠎ᠠ᠂ ᠨᠠᠳᠮᠢᠳ᠂ ᠡᠷᠬᠢᠮᠪᠠᠶᠠᠷ᠂ ᠮᠡᠷᠭᠡᠨᠰᠤᠳᠤ ᠵᠡᠷᠭᠡ ᠤᠷᠤᠨ ᠤ ᠳᠤᠳᠤᠨ᠎ᠠ ᠭᠠᠳᠠᠨ᠎ᠠ ᠠᠯᠲᠠᠷ ᠲᠠᠢ ᠤᠶᠠᠭᠠᠴᠢᠳ ᠲᠤᠲᠤᠷᠠᠵᠠᠢ᠃ ᠥᠢᠷ᠎ᠠ ᠶᠢᠨ ᠵᠢᠯ ᠠᠴᠠ ᠨᠠᠭᠠᠰᠢ᠂ ᠲᠤᠰ ᠬᠤᠲᠠ ᠶᠢᠨ ᠤᠶᠠᠭᠠᠴᠢᠳ ᠤᠷᠢᠳ ᠬᠤᠵᠢᠳ ᠤᠯᠤᠰ᠂ ᠥᠪᠡᠷᠳᠡᠭᠡᠨ ᠵᠠᠰᠠᠬᠤ ᠤᠷᠤᠨ ᠪᠤᠯᠤᠨ ᠲᠥᠩᠯᠢᠶᠤᠤ ᠬᠤᠲᠠ ᠶᠢᠨ ᠡᠯ᠎ᠡ ᠵᠥᠢᠯ ᠤᠨ ᠲᠤᠮᠤ ᠤᠷᠤᠯᠳᠤᠭᠠᠨ ᠳᠤ 100 ᠭᠠᠷᠤᠢ ᠠᠯᠳᠠᠨ ᠮᠧᠳᠠᠯ ᠭᠠᠷᠳᠠᠪᠠ᠃ ᠠᠳᠡᠬᠢ ᠠᠷᠠᠳ ᠲᠥᠮᠡᠨ ᠮᠤᠷᠢᠨ ᠳᠤ ᠬᠠᠶᠢᠷᠠᠳᠠᠢ ᠪᠠᠶᠢᠵᠤ᠂ ᠪᠥᠬᠦ ᠬᠤᠰᠢᠭᠤᠨ ᠤ ᠠᠳᠤᠭᠤᠨ ᠤ ᠳᠤᠭ᠎ᠠ 1.5 ᠲᠥᠮᠡ ᠳᠤ ᠬᠥᠷᠴᠥ᠂ ᠮᠤᠷᠢ ᠳᠡᠵᠢᠭᠡᠬᠦ᠂ ᠮᠤᠷᠢ ᠰᠤᠷᠭᠠᠬᠤ᠂ ᠮᠤᠷᠢ ᠤᠷᠤᠯᠳᠤᠬᠤ ᠵᠡᠷᠭᠡ ᠶᠢ ᠨᠢᠭᠡ ᠴᠤᠬᠴᠠᠵᠢᠭᠤᠯᠤᠬᠰᠠᠨ ᠠᠳᠤᠭᠤᠨ ᠰᠤᠶᠤᠯ ᠤᠨ ᠠᠵᠤ ᠥᠢᠯᠡᠰ ᠨᠢ ᠶᠠᠪᠤᠬᠤ ᠳᠤᠳᠤᠮ ᠬᠥᠴᠥᠷᠭᠡᠭᠵᠢᠨ ᠪᠤᠵᠠᠭᠠᠢᠢᠷᠠᠵᠤ ᠪᠠᠶᠢᠨ᠎ᠠ᠃
ᠢᠷᠡᠯᠳᠡ :
ᠦᠪᠦᠷ ᠮᠤᠩᠭᠤᠯ ᠤᠨ ᠡᠳᠦᠷ ᠦᠨ ᠰᠤᠨᠢᠨ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ