10 ᠰᠠᠷ᠎ᠠ ᠶᠢᠨ 5 ᠤ ᠡᠳᠤᠷ᠂ ᠲᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ 2019 ᠣᠨ ᠤ ᠳᠤᠮᠳᠠᠳᠤ ᠤᠯᠤᠰ ·ᠬᠥᠬᠡᠬᠤᠲᠠ ᠶᠢᠨ ᠣᠯᠠᠨ ᠤᠯᠤᠰ ᠤᠨ ᠮᠣᠷᠢᠨ ᠮᠡᠷᠭᠡᠵᠢᠯ ᠤᠨ ᠲᠡᠰᠪᠤᠷᠢ ᠶᠢᠨ ᠤᠷᠤᠯᠳᠤᠭᠠᠨ ᠤ ᠪᠠᠷᠢᠮᠵᠢᠶ᠎ᠠ ᠳᠤ ᠬᠦᠷᠬᠦ ᠤᠷᠤᠯᠳᠤᠭᠠᠨ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨᠴᠢ ᠰᠣᠶᠣᠯ ᠪᠠᠶ᠎ᠠ ᠶᠢᠨ ᠲᠠᠮᠢᠷ ᠤᠨ ᠬᠥᠳᠡᠯᠭᠡᠭᠡᠨ ᠤ ᠲᠥᠪ ᠲᠤ ᠶᠠᠪᠤᠭᠳᠠᠵᠠᠢ᠃ 

ᠮᠣᠷᠢᠨ ᠮᠡᠷᠭᠡᠵᠢᠯ ᠤᠨ ᠲᠡᠰᠪᠦᠷᠢ ᠶᠢᠨ ᠤᠷᠤᠯᠳᠤᠭᠠᠨ ᠪᠣᠯ ᠣᠯᠠᠨ ᠤᠯᠤᠰ ᠤᠨ ᠮᠣᠷᠢᠨ ᠮᠡᠷᠭᠡᠵᠢᠯ ᠤᠨ ᠬᠤᠯᠪᠣᠭᠠᠲᠤ ᠬᠤᠷᠠᠯ (FEI) ᠠᠴᠠ ᠲᠣᠬᠢᠷᠠᠭᠤᠯᠤᠭᠰᠠᠨ ᠲᠤᠯᠤᠭᠠᠨ ᠶᠡᠭᠡ ᠲᠤᠰᠬᠠᠢ ᠲᠥᠷᠥᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ ᠤ ᠨᠢᠬᠡ ᠪᠣᠯᠤᠨ᠎ᠠ᠃ ᠲᠡᠷᠡ ᠨᠢ ᠬᠤᠷᠳᠤᠨ ᠮᠤᠷᠢᠨ ᠤ ᠤᠷᠤᠯᠳᠤᠭᠠᠨ ᠪᠠ ᠮᠣᠷᠢᠨ ᠮᠡᠷᠭᠡᠵᠢᠯ ᠤᠨ ᠤᠷᠤᠯᠳᠤᠭᠠᠨ ᠲᠠᠢ ᠵᠥᠷᠢᠶ᠎ᠠ ᠲᠠᠢ ᠪᠠᠶᠢᠳᠠᠭ᠃ ᠲᠡᠰᠪᠤᠷᠢ ᠶᠢᠨ ᠤᠷᠤᠯᠳᠤᠭᠠᠨ ᠨᠢ ᠠᠳᠠᠯᠢ ᠪᠤᠰᠤ ᠵᠠᠢ ᠳᠤ ᠬᠡᠭᠡᠷᠡᠯᠡᠨ ᠬᠥᠶᠥᠬᠦ ᠪᠠᠷ ᠵᠡᠷᠭᠡ ᠲᠡᠰ ᠬᠤᠪᠢᠶᠠᠵᠥ᠂ ᠬᠤᠪᠢᠶᠠᠷᠢ ᠤᠷᠤᠯᠳᠤᠭᠠᠨ ᠤ ᠬᠡᠯᠪᠡᠷᠢ ᠪᠠᠷ ᠤᠷᠤᠯᠳᠤᠳᠠᠬ᠃ ᠤᠨᠤᠭᠠᠴᠢᠨ ᠠᠴᠠ ᠤᠷᠤᠯᠳᠤᠭᠠᠨ ᠤ ᠶᠠᠪᠤᠴᠠ ᠳᠤ ᠲᠣᠭᠲᠠᠭᠠᠯ ᠶᠣᠰᠣᠭᠠᠷ ᠠᠯᠪᠠᠳᠠᠯᠭ᠎ᠠ ᠪᠠᠷ ᠤᠨᠤᠬᠰᠠᠨ ᠮᠤᠷᠢ ᠪᠠᠨ ᠮᠠᠯ ᠤᠨ ᠡᠮᠴᠢ ᠪᠠᠷ ᠪᠠᠶᠢᠴᠠᠭᠠᠯᠲᠠ ᠬᠢᠯᠭᠡᠵᠦ ᠲᠤᠬᠳᠠᠬᠰᠠᠨ ᠬᠤᠭᠤᠴᠠᠭ᠎ᠠ ᠲᠠᠢ ᠪᠠᠷ ᠠᠮᠠᠷᠠᠭᠤᠯᠤᠨ᠎ᠠ᠃ ᠤᠷᠤᠯᠳᠤᠭᠠᠨ ᠳᠤ ᠤᠷᠤᠯᠴᠠᠬᠰᠠᠨ ᠮᠤᠷᠢᠳ ᠤᠷᠤᠯᠳᠤᠭᠠᠨ ᠤ ᠲᠥᠷᠢᠮ ᠳᠤ ᠲᠤᠭᠳᠠᠬᠰᠠᠨ ᠵᠢᠷᠥᠭᠡᠨ ᠴᠤᠬᠢᠯᠠᠭ᠎ᠠ ᠶᠢᠨ ᠪᠠᠷᠢᠮᠵᠢᠶᠠᠨ ᠳᠤ ᠬᠥᠷᠥᠭᠰᠡᠨ ᠪᠠᠶᠢᠪᠠᠯ ᠰᠠᠶ᠋ᠢ ᠤᠷᠤᠯᠳᠤᠭᠠᠨ ᠢᠶᠠᠨ ᠥᠷᠬᠦᠯᠵᠢᠯᠡᠬᠦᠯᠵᠥ᠂ ᠬᠠᠮᠤᠬ ᠡᠴᠤᠰ ᠤᠨ ᠤᠷᠤᠯᠳᠤᠭᠠᠨ ᠤ ᠬᠢᠷᠢ ᠪᠥᠳᠥᠮᠵᠢ ᠶᠢ ᠤᠷᠤᠯᠳᠤᠭᠠᠨ ᠳᠤ ᠭᠡᠷᠡᠭᠯᠡᠭᠰᠡᠨ ᠴᠠᠬ ᠪᠠ ᠵᠢᠷᠤᠭᠡᠨ ᠴᠤᠬᠢᠯᠠᠭ᠎ᠠ ᠶᠢᠨ ᠪᠠᠷᠢᠮᠵᠢᠶᠠᠨ ᠳᠤ ᠬᠥᠷᠬᠦ ᠳᠤ ᠭᠡᠷᠡᠭᠰᠡᠭᠰᠡᠨ ᠴᠠᠬ ᠤᠨ ᠨᠡᠶᠢᠯᠡᠪᠤᠷᠢ ᠪᠠᠷ ᠰᠢᠯᠭᠠᠷᠠᠭᠤᠯᠤᠨ ᠭᠠᠷᠭᠠᠳᠠᠬ᠃ 

ᠲᠣᠰ ᠤᠳᠠᠭᠠᠨ ᠤ ᠤᠷᠤᠯᠳᠤᠭᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤ ᠰᠢᠬᠠᠮ ᠲᠠᠮᠢᠷᠴᠢᠨ ᠣᠷᠣᠯᠴᠠᠵᠤ᠂ ᠠᠳᠠᠯᠢ ᠪᠤᠰᠤ ᠲᠥᠷᠥᠯ ᠤᠨ ᠮᠤᠷᠢᠳ ᠤᠷᠤᠯᠳᠤᠭᠠᠨ ᠳᠤ ᠤᠷᠤᠯᠴᠠᠵᠠᠢ᠃ ᠡᠬᠦᠨ ᠳᠤ ᠮᠣᠩᠭᠤᠯ ᠮᠣᠷᠢ ᠴᠦ ᠲᠣᠰ ᠤᠳᠠᠭᠠᠨ ᠤ ᠤᠷᠤᠯᠳᠤᠭᠠᠨ ᠳᠤ ᠢᠯᠡᠷᠡᠵᠦ᠂ ᠤᠷᠤᠯᠳᠤᠭᠠᠨ ᠤ ᠨᠢᠭᠡᠨ ᠦᠵᠡᠮᠦᠷᠢ ᠪᠣᠯᠤᠭᠰᠠᠨ ᠪᠠᠶᠢᠨ᠎ᠠ᠃ ᠤᠷᠤᠯᠳᠤᠭᠠᠨ ᠨᠢ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨᠴᠢ ᠰᠣᠶᠣᠯ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠲᠥᠪ ᠢᠶᠠᠷ ᠡᠬᠢᠯᠡᠯᠲᠡ ᠪᠣᠯᠭᠠᠵᠤ᠂ 40 ᠺᠢᠯᠣᠮᠧᠲᠷ ᠪᠠ 80 ᠺᠢᠯᠣᠮᠧᠲᠷ ᠤᠨ ᠮᠣᠷᠢᠨ ᠮᠡᠷᠭᠡᠵᠢᠯ ᠤᠨ ᠲᠡᠰᠪᠤᠷᠢ ᠶᠢᠨ ᠤᠷᠤᠯᠳᠤᠭᠠᠨ ᠥᠷᠨᠢᠭᠦᠯᠪᠡ᠃ 

ᠤᠷᠤᠯᠳᠤᠭᠠᠨ ᠤ ᠬᠤᠭᠤᠴᠠᠭᠠᠨ ᠳᠤ᠂ ᠠᠮᠧᠷᠢᠺᠠ ᠶᠢᠨ ᠪᠠᠷᠠᠭᠤᠨ ᠬᠡᠰᠡᠭ ᠤᠨ ᠮᠣᠷᠢᠨ ᠮᠡᠷᠭᠡᠵᠢᠯ ᠤᠨ REINING ᠶᠢᠨ ᠤᠷᠤᠯᠳᠤᠭᠠᠨ ᠪᠠ ᠠᠵᠤ ᠠᠬᠤᠶᠢᠯᠠᠯᠲᠠᠳ ᠤᠨ ᠳᠦᠩᠰᠡ ᠣᠷᠢᠶᠠᠬᠤ ᠤᠷᠤᠯᠳᠤᠭᠠᠨ ᠤ ᠭᠡᠰᠢᠭᠦᠳ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠡᠷᠭᠡ ᠤᠷᠤᠯᠳᠤᠭᠠᠨ ᠶᠠᠪᠤᠬᠳᠠᠨ᠎ᠠ᠃( ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ