ᠤᠢᠢᠷ᠎ᠠ ᠳᠤ᠂ ᠪᠦᠬᠦ ᠤᠷᠤᠨ ᠤ ᠬᠤᠷᠢᠨ ᠭᠤᠷᠪᠠᠳᠤᠭᠠᠷ ᠬᠤᠭᠤᠴᠠᠭᠠᠨ ᠤ ᠪᠠᠷᠠᠭᠤᠨ ᠤᠷᠤᠨ ᠤ ᠤᠢᠢᠷ᠎ᠠ ᠵᠡᠷᠭᠡᠯᠡᠳᠡᠭᠡ ᠠᠶᠢᠮᠠᠭ ᠬᠤᠲᠠ ᠶᠢᠨ ᠪᠦᠬᠡ ᠶᠢᠨ ᠬᠠᠮᠵᠢᠯᠴᠠᠭᠠᠨ ᠤ ᠤᠷᠤᠯᠳᠤᠭᠠᠨ ᠵᠢᠴᠢ ᠠᠩᠬᠠᠳᠤᠭᠠᠷ ᠤᠳᠠᠭ᠎ᠠ ᠶᠢᠨ ᠮᠤᠨᠢ ᠬᠠᠶᠢᠷᠬᠠᠨ ᠤᠯᠠᠨ ᠤᠯᠤᠰ ᠤᠨ ᠪᠦᠬᠡ ᠶᠢᠨ ᠤᠷᠢᠯᠭ᠎ᠠ ᠶᠢᠨ ᠤᠷᠤᠯᠳᠤᠭᠠᠨ ᠤᠷᠠᠳ ᠤᠨ ᠡᠮᠤᠨᠡᠲᠦ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠬᠦᠷᠢᠶᠡᠯᠡᠩ ᠳᠤ ᠶᠠᠪᠤᠭᠳᠠᠪᠠ᠃ 

ᠲᠤᠰ ᠤᠳᠠᠭ᠎ᠠ ᠶᠢᠨ ᠤᠷᠤᠯᠳᠤᠭᠠᠨ ᠳᠤ ᠠᠯᠠᠱᠠ ᠵᠡᠭᠦᠨ ᠬᠤᠰᠢᠭᠤ᠂ ᠤᠳᠤᠭ ᠬᠤᠰᠢᠭᠤ᠂ ᠤᠳᠤᠭ ᠤᠨ ᠡᠮᠦᠨᠡᠳᠦ ᠬᠤᠰᠢᠭᠤ᠂ ᠦᠦᠰᠢᠨ ᠬᠤᠰᠢᠭᠤ᠂ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠪᠠ ᠪᠠᠶᠠᠨᠨᠠᠭᠤᠷ ᠬᠤᠲᠠ ᠶᠢᠨ ᠬᠡᠰᠡᠭ ᠬᠤᠰᠢᠭᠤ ᠰᠢᠶᠠᠨ ᠵᠡᠷᠭᠡ ᠤᠢᠢᠷ᠎ᠠ ᠵᠡᠷᠭᠡᠯᠡᠳᠡᠭᠡ 12 ᠬᠤᠰᠢᠭᠤ ᠰᠢᠶᠠᠨ ᠵᠢᠴᠢ ᠮᠤᠩᠭᠤᠯ ᠤᠯᠤᠰ ᠤᠨ ᠲᠦᠯᠦᠭᠡᠯᠡᠭᠴᠢ ᠶᠢᠨ ᠠᠩᠬᠢ ᠶᠢᠨ 180 ᠭᠠᠷᠤᠢ ᠪᠦᠬᠡᠴᠢᠨ ᠤᠷᠤᠯᠳᠤᠭᠠᠨ ᠳᠤ ᠤᠷᠤᠯᠴᠠᠪᠠ᠃ ᠤᠷᠤᠯᠳᠤᠭᠠᠨ 3 ᠡᠳᠦᠷ ᠦᠷᠭᠦᠯᠵᠢᠯᠡᠵᠦ᠂ ᠡᠷᠡᠭᠳᠡᠢ᠂ ᠡᠮᠡᠭᠲᠡᠢ᠂ ᠰᠤᠷᠤᠭᠴᠢ ᠶᠢᠨ ᠬᠠᠮᠲᠤ ᠨᠢᠭᠡᠴᠢ ᠶᠢᠨ ᠤᠷᠤᠯᠳᠤᠭᠠᠨ᠂ ᠡᠷᠡᠭᠲᠡᠢ᠂ ᠡᠮᠡᠭᠲᠡᠢ᠂ ᠰᠤᠷᠤᠭᠴᠢ ᠶᠢᠨ ᠬᠤᠪᠢ ᠬᠦᠮᠦᠨ ᠤ ᠤᠷᠤᠯᠳᠤᠭᠠᠨ᠂ ᠡᠷᠡᠭᠲᠡᠢ ᠶᠢᠨ ᠤᠯᠠᠨ ᠤᠯᠤᠰ ᠤᠨ ᠪᠦᠬᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠤᠯᠠᠨ ᠲᠦᠷᠦᠯ ᠤᠨ ᠤᠷᠤᠯᠳᠤᠭᠠᠨ ᠢ ᠪᠠᠭᠲᠠᠭᠠᠵᠤ᠂ ᠤᠷᠤᠯᠳᠤᠭᠠᠨ ᠤ ᠬᠤᠭᠤᠴᠠᠭᠠᠨ ᠳᠤ ᠪᠠᠰᠠ ᠲᠤᠬᠠᠢ ᠶᠢᠨ ᠭᠠᠵᠠᠷ ᠤᠨ ᠷᠤᠺ ᠤᠨ ᠬᠠᠮᠳᠤᠯᠢᠭ ᠲᠤᠭᠯᠠᠯᠲᠠ ᠭᠠᠷᠭᠠᠨ ᠤᠷᠤᠯᠳᠤᠭᠠᠨ ᠳᠤ ᠭᠦᠭ ᠨᠡᠮᠡᠷᠢᠯᠡᠵᠡᠢ᠃ ᠡᠭᠦᠨ ᠠᠴᠠ ᠭᠠᠳᠠᠨ᠎ᠠ᠂ ᠤᠷᠠᠳ ᠤᠨ ᠡᠮᠦᠨᠡᠳᠦ ᠬᠤᠰᠢᠭᠤᠨ ᠤ ᠠᠬᠠᠮᠠᠳ ᠪᠦᠬᠡᠴᠢᠨ ᠲᠠᠶᠢᠪᠤᠤ ᠪᠠ ᠭᠠᠯᠰᠠᠩᠨᠢᠮ᠎ᠠ ᠳᠤ ᠭᠠᠪᠢᠶᠠᠨ ᠲᠡᠮᠳᠡᠭ ᠵᠡᠭᠦᠯᠭᠡᠵᠦ᠂ ᠲᠤᠰ ᠬᠤᠰᠢᠭᠤᠨ ᠤ ᠪᠦᠭᠡ ᠶᠢᠨ ᠦᠢᠯᠡᠰ ᠲᠤ ᠦᠵᠡᠭᠦᠯᠦᠭᠰᠡᠨ ᠭᠠᠪᠢᠶ᠎ᠠ ᠵᠢᠳᠬᠦᠯ ᠢ ᠨᠢ ᠦᠨᠡᠯᠡᠵᠦ ᠲᠠᠷᠬᠠᠯᠠᠭᠰᠠᠨ ᠪᠠᠶᠢᠨ᠎ᠠ᠃ 

ᠲᠤᠰ ᠤᠳᠠᠭ᠎ᠠ ᠶᠢᠨ ᠪᠦᠬᠡ ᠶᠢᠨ ᠤᠷᠤᠯᠳᠤᠭᠠᠨ ᠪᠤᠯ ᠤᠷᠠᠳ ᠤᠨ ᠡᠮᠦᠨᠡᠳᠦ ᠬᠤᠰᠢᠭᠤᠨ ᠤ ᠰᠤᠶᠤᠯ ᠤᠨ ᠨᠡᠷ᠎ᠡ ᠲᠡᠮᠳᠡᠭ ᠡᠭᠦᠳᠬᠦ ᠲᠤᠭᠤᠷᠢᠨ ᠳᠤ ᠴᠤᠭᠴᠠᠯᠠᠭᠰᠠᠨ ᠠᠵᠢᠯᠯᠠᠭ᠎ᠠ ᠪᠤᠯᠤᠨ᠎ᠠ᠃ ᠤᠢᠢᠷ᠎ᠠ ᠶᠢᠨ ᠵᠢᠯ ᠤᠨ ᠲᠤᠷᠰᠢ᠂ ᠲᠤᠰ ᠬᠤᠰᠢᠭᠤ ᠤᠷᠢᠳ ᠬᠤᠵᠢᠳ ᠪᠠᠷᠠᠭᠤᠨ ᠤᠷᠤᠨ ᠤ ᠠᠷᠠᠳ ᠤᠨ ᠳᠠᠭᠤᠤ ᠶᠢᠨ ᠴᠤᠭᠯᠠᠭᠠᠨ᠂ ᠤᠯᠠᠭᠠᠨᠰᠤᠬᠠᠢ ᠮᠦᠰᠦ ᠴᠠᠰᠤᠨ ᠤ ᠨᠠᠶᠢᠷ ᠵᠢᠴᠢ ᠤᠯᠠᠭᠠᠨᠰᠤᠬᠠᠢ ᠨᠠᠭᠤᠷ ᠢ ᠲᠤᠭᠤᠷᠢᠬᠤ ᠲᠤᠭᠤᠢ ᠲᠡᠷᠭᠡᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠠᠭᠠᠨᠰᠤᠬᠠᠢ ᠶᠢᠨ ᠤᠷᠠᠨ ᠵᠢᠷᠤᠭ ᠤᠨ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠤᠯᠠᠭᠠᠨᠰᠤᠬᠠᠢ ᠶᠢᠨ ᠪᠦᠬᠦ ᠤᠯᠤᠰ ᠤᠨ ᠵᠢᠭᠠᠰᠤ ᠬᠦᠬᠢᠳᠡᠬᠦ ᠤᠷᠤᠯᠳᠤᠭᠠᠨ ᠵᠡᠷᠭᠡ ᠨᠡᠷ᠎ᠡ ᠲᠡᠮᠳᠡᠭᠲᠦ ᠤᠷᠤᠯᠳᠤᠭᠠᠨ ᠢ ᠵᠤᠬᠢᠶᠠᠨ ᠪᠠᠶᠢᠭᠤᠯᠵᠤ᠂ ᠡᠳᠦᠷ ᠢᠷᠡᠭᠦᠶ᠎ᠡ ᠵᠢᠭᠤᠯᠴᠢᠯᠠᠭᠰᠡᠳ ᠤᠨ ᠪᠠᠭ᠋ᠠᠷᠬᠠᠯ ᠢ ᠲᠠᠲᠠᠵᠤ᠂ ᠭᠠᠵᠠᠷ ᠤᠷᠤᠨ ᠤ ᠬᠡᠷᠡᠭᠯᠡᠭᠡ ᠶᠢ ᠠᠬᠢᠭᠤᠯᠤᠨ᠂ ᠰᠤᠶᠤᠯ ᠤᠨ ᠨᠦᠯᠦᠭᠡ ᠶᠢ ᠦᠷᠭᠡᠳᠭᠡᠵᠡᠢ᠃( ᠲᠡᠭᠦᠰᠪᠢᠯᠢᠭ)


ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ