ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠠ ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠵᠠᠬᠢᠷᠭ᠎ᠠ ᠭᠤᠤᠯᠯᠠᠨ ᠡᠷᠬᠢᠯᠡᠭᠦ 2019 ᠣᠨ ᠤ 《ᠭᠦᠶᠦᠭᠴᠢ》 ᠣᠯᠠᠨ ᠤᠯᠤᠰ ᠤᠨ ᠬᠤᠯᠠ ᠭᠦᠶᠦᠬᠦ ᠤᠷᠤᠯᠳᠤᠭᠠᠨ 10 ᠰᠠᠷ᠎ᠠ ᠶᠢᠨ 13 ᠤ ᠡᠳᠤᠷ ᠱᠠᠩᠳᠤ ᠰᠢᠶᠠᠨ ᠳᠤ ᠶᠠᠪᠤᠬᠳᠠᠨ᠎ᠠ᠃

ᠲᠤᠰ ᠤᠳᠠᠭ᠎ᠠ ᠶᠢᠨ ᠤᠷᠤᠯᠳᠤᠭᠠᠨ ᠳᠤ 90 ᠺᠢᠯᠣᠮᠧᠲᠷ ᠤᠨ ᠬᠤᠯᠠ ᠬᠥᠶᠤᠬᠦ ᠤᠷᠤᠯᠳᠤᠭᠠᠨ᠂ 《ᠡᠷᠳᠡᠨ ᠤ ᠥᠷᠲᠡᠭᠡ ᠶᠢ ᠲᠤᠭᠤᠷᠢᠨ ᠡᠷᠡᠭᠦᠯ ᠮᠡᠨᠳᠦ ᠭᠤᠸ᠎ᠠ ᠰᠠᠶᠢᠬᠠᠨ ᠢ ᠬᠥᠬᠡᠬᠡᠴᠡᠯᠳᠤᠬᠦ》 ᠭᠤᠤᠯ ᠰᠡᠳᠤᠪᠳᠤ ᠪᠡᠶ᠎ᠠ ᠴᠢᠬᠢᠷᠠᠬᠵᠢᠭᠤᠯᠬᠤ 15 ᠺᠢᠯᠥᠮᠧᠲᠷ ᠤᠨ ᠠᠯᠬᠤᠭ᠎ᠠ ᠤᠷᠤᠯᠳᠤᠭᠠᠨ ᠪᠠ 《ᠬᠥᠶᠥᠭᠴᠢ》 5 ᠺᠢᠯᠣᠮᠧᠲᠷ ᠤᠨ ᠤᠷᠤᠯᠳᠤᠭᠠᠨ ᠬᠡᠬᠦ ᠭᠤᠷᠪᠠᠨ ᠲᠤᠭᠤᠢᠢᠯᠠᠩ ᠬᠤᠪᠢᠶᠠᠨ ᠶᠠᠪᠤᠬᠳᠠᠵᠤ᠂ ᠨᠡᠶᠢᠳᠠ 2500 ᠭᠠᠷᠤᠢ ᠬᠥᠮᠦᠨ ᠤᠷᠤᠯᠴᠠᠬᠤ ᠪᠣᠯᠤᠨ᠎ᠠ᠃

ᠣᠶᠢᠯᠠᠭᠠᠭᠰᠠᠨ ᠢᠶᠠᠷ᠂ 《ᠭᠦᠶᠦᠭᠴᠢ》 ᠬᠤᠯᠠ ᠬᠥᠶᠥᠬᠦ ᠤᠷᠤᠯᠳᠤᠭᠠᠨ ᠪᠤᠯ ᠶᠤᠸᠠᠨ ᠤᠯᠤᠰ ᠤᠨ ᠥᠶ᠎ᠠ ᠳᠤ ᠤᠯᠠᠨ ᠲᠥᠮᠡᠨ ᠤ ᠲᠤᠮᠳᠠ ᠤᠯᠠᠮᠵᠢᠯᠠᠬᠳᠠᠵᠥ ᠪᠠᠶᠢᠬᠰᠠᠨ ᠨᠢᠭᠡ ᠵᠦᠶ᠋ᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠬᠤ ᠶᠤᠮ᠃ ᠲᠡᠤᠭᠡᠨ ᠮᠡᠲ᠋ᠧᠷᠢᠶᠡᠯ ᠳᠤ ᠲᠡᠮᠳᠡᠭᠯᠡᠭᠰᠡᠨ ᠢ ᠥᠨᠳᠤᠰᠤᠯᠠᠪᠠᠯ᠂ ᠶᠤᠸᠠᠨ ᠱᠢᠽᠦ ᠬᠤᠪᠢᠯᠠᠶ ᠬᠠᠭᠠᠨ ᠴᠡᠷᠢᠭ ᠤᠨ ᠲᠠᠮᠢᠷ ᠲᠡᠩᠬᠡᠭᠡ ᠪᠠ ᠲᠡᠰᠪᠦᠷᠢ ᠶᠢᠨ ᠪᠣᠯᠪᠠᠰᠤᠷᠠᠯ ᠢ ᠮᠠᠰᠢ ᠴᠢᠬᠤᠯᠠᠴᠢᠯᠠᠵᠤ᠂ ᠪᠠᠶᠢᠯᠳᠤᠭᠴᠢᠳ ᠤᠨ ᠰᠤᠷᠭᠠᠭᠤᠯᠢᠯᠠᠯ ᠤᠨ ᠦᠷ᠎ᠡ ᠪᠦᠲᠦᠮᠵᠢ ᠶᠢ ᠲᠡᠭᠡᠭᠰᠢᠯᠡᠬᠦᠯᠬᠦ ᠶᠢᠨ ᠲᠥᠯᠥᠭᠡ ᠵᠢᠯ ᠪᠦᠷᠢ ᠨᠢᠭᠡ ᠤᠳᠠᠭ᠎ᠠ ᠰᠢᠳᠠᠷ ᠴᠡᠷᠢᠭ ᠢᠶᠠᠨ ᠵᠣᠬᠢᠶᠠᠨ ᠪᠠᠶᠢᠭᠤᠯᠵᠤ᠂ ᠨᠢᠭᠡ ᠤᠳᠠᠭ᠎ᠠ ᠬᠤᠯᠠ ᠭᠦᠶᠦᠬᠦ ᠤᠷᠤᠯᠳᠤᠭᠠᠨ ᠶᠠᠪᠤᠭᠤᠯᠳᠠᠭ ᠪᠥᠭᠡᠳ ᠲᠡᠭᠦᠨ ᠢ ᠪᠠᠨ 《ᠭᠦᠶᠦᠭᠴᠢ》 ᠭᠡᠵᠥ ᠨᠡᠷᠡᠯᠡᠭᠰᠡᠨ ᠪᠠᠶᠢᠳᠠᠬ᠃ ᠬᠤᠵᠢᠮ ᠨᠢ ᠠᠭᠠᠵᠢᠮ ᠢᠶᠠᠷ ᠶᠤᠸᠠᠨ ᠤᠯᠤᠰ ᠤᠨ ᠬᠠᠭᠠᠨᠲᠤ ᠲᠥᠷᠥ ᠠᠴᠠ ᠵᠣᠬᠢᠶᠠᠨ ᠪᠠᠶᠢᠭᠤᠯᠵᠤ ᠡᠷᠬᠢᠯᠡᠭᠰᠡᠨ ᠬᠤᠯᠠ ᠭᠦᠶᠦᠬᠦ ᠤᠷᠤᠯᠳᠤᠭᠠᠨ ᠤ ᠲᠤᠰᠬᠠᠶ ᠨᠡᠷ᠎ᠡ ᠪᠣᠯᠤᠭᠰᠠᠨ ᠪᠠᠶᠢᠨ᠎ᠠ᠃ ᠲᠤᠰ ᠤᠳᠠᠭ᠎ᠠ ᠶᠢᠨ ᠤᠷᠤᠯᠳᠤᠭᠠᠨ ᠢ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠬᠦ ᠪᠤᠯᠤᠨ᠎ᠠ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ