10 ᠰᠠᠷ᠎ᠠ ᠶᠢᠨ 10 ᠤ ᠥᠳᠠ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠭᠤᠤᠯᠯᠠᠨ ᠡᠷᠬᠢᠯᠡᠭᠰᠡᠨ 《2019 ᠣᠨ ᠤ ᠥᠪᠥᠷ ᠮᠣᠩᠭᠤᠯ ᠤᠨ ᠲᠦᠮᠡᠨ ᠭᠠᠵᠠᠷ ᠢ ᠲᠤᠭᠤᠯᠬᠤ ᠮᠠᠰᠢᠨ ᠲᠡᠷᠭᠡᠨ ᠤ ᠤᠷᠤᠯᠳᠤᠭᠠᠨ》 ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠶᠠᠪᠤᠭᠳᠠᠪᠠ᠃ ᠬᠤᠷᠠᠯ ᠠᠴᠠ ᠥᠢᠯᠠᠭᠠᠬᠰᠠᠨ ᠢᠶᠠᠷ᠂ ᠲᠣᠰ ᠤᠳᠠᠭ᠎ᠠ ᠶᠢᠨ ᠤᠷᠤᠯᠳᠤᠭᠠᠨ ᠢ 10 ᠰᠠᠷ᠎ᠠ ᠶᠢᠨ 16 ᠤ ᠡᠳᠦᠷ ᠮᠠᠨᠵᠤᠤᠷ ᠬᠢᠯᠢ ᠶᠢᠨ ᠪᠤᠭᠤᠮᠳᠠ ᠠᠴᠠ ᠡᠬᠢᠯᠡᠬᠦᠯᠬᠦ ᠪᠤᠯᠤᠨ᠎ᠠ᠃
ᠲᠤᠰ ᠤᠳᠠᠭ᠎ᠠ ᠶᠢᠨ ᠤᠷᠤᠯᠳᠤᠭᠠᠨ ᠤ ᠲᠡᠭᠦᠰᠭᠡᠯ ᠤᠨ ᠴᠡᠭ ᠢ ᠡᠵᠡᠨ᠎ᠡ ᠬᠤᠰᠢᠭᠤᠨ ᠳᠤ ᠪᠠᠶᠢᠷᠢᠯᠠᠭᠤᠯᠵᠤ᠂ ᠪᠥᠬᠦ ᠤᠷᠤᠯᠳᠤᠭᠠᠨ ᠤ ᠶᠠᠪᠤᠴᠠ ᠳᠤ 30 ᠬᠡᠭᠡᠷᠡᠯᠡᠨ ᠤᠷᠤᠯᠳᠤᠬᠤ ᠮᠠᠰᠢᠨ ᠲᠡᠷᠭᠡ᠂ 75 ᠬᠥᠮᠥᠨ ᠤᠷᠤᠯᠳᠤᠭᠠᠨ ᠳᠤ ᠤᠷᠤᠯᠴᠠᠵᠥ᠂ 6000 ᠭᠠᠷᠤᠢ ᠺᠢᠯᠣᠮᠧᠲᠷ ᠬᠤᠯᠠ ᠵᠠᠮ ᠢ ᠲᠤᠭᠤᠯᠬᠤ ᠪᠤᠯᠤᠨ᠎ᠠ᠃ ᠤᠷᠤᠯᠳᠤᠭᠠᠨ ᠤ ᠶᠠᠪᠤᠴᠠ ᠳᠤ ᠲᠥᠡᠭᠯᠢᠶᠤᠤ ᠬᠤᠳᠠ ᠶᠢᠨ ᠵᠠᠷᠤᠳ ᠬᠤᠰᠢᠭᠤ᠂ ᠡᠷᠢᠶᠡᠨ ᠬᠤᠳᠠ᠂ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤᠨ ᠳᠤ ᠲᠤᠰᠪᠤᠷᠢ ᠠᠬᠤᠢ ᠲᠠᠯᠠᠪᠠᠢ ᠶᠢᠨ ᠤᠷ᠎ᠠ ᠮᠡᠷᠭᠡᠰᠢᠯ ᠤᠨ ᠤᠷᠤᠯᠳᠤᠭᠠᠨ᠂ ᠠᠬᠤᠢ ᠲᠠᠯᠠᠪᠠᠢ ᠶᠢᠨ ᠬᠡᠭᠡᠷᠡᠯᠡᠬᠦ ᠤᠷᠤᠯᠳᠤᠭᠠᠨ᠂ ᠡᠯᠡᠰᠤ ᠮᠠᠩᠬ᠎ᠠ (ᠭᠤᠪᠢ)ᠶᠢ ᠲᠤᠭᠤᠯᠬᠤ ᠤᠷᠤᠯᠳᠤᠭᠠᠨ ᠵᠡᠷᠭᠡ ᠶᠢ ᠶᠠᠪᠤᠬᠳᠠᠭᠤᠯᠬᠤ ᠪᠤᠯᠤᠨ᠎ᠠ᠃ ᠡᠬᠦᠨ ᠠᠴᠠ ᠭᠠᠳᠠᠨ᠎ᠠ ᠪᠠᠰᠠ ᠤᠷᠤᠯᠳᠤᠭᠠᠨ ᠤ ᠵᠠᠮ ᠲᠠᠭᠠᠤ ᠡᠯ᠎ᠠ ᠠᠶᠢᠮᠠᠬ ᠬᠤᠳᠠ ᠶᠢᠨ ᠭᠠᠵᠠᠷ ᠤᠷᠤᠨ ᠤ ᠮᠠᠰᠢᠨ ᠲᠡᠷᠭᠡ ᠶᠢᠨ ᠪᠠᠭ᠋ᠠᠳᠠᠳ ᠢ ᠤᠷᠢᠵᠦ ᠤᠨᠴᠠᠯᠢᠬᠳᠤ ᠤᠷᠤᠯᠳᠤᠭᠠᠨ ᠳᠤ ᠤᠷᠤᠯᠴᠠᠭᠤᠯᠬᠤ ᠪᠤᠯᠤᠨ᠎ᠠ᠃
ᠮᠠᠨ ᠤ ᠤᠷᠤᠨ ᠳᠤ ᠡᠯᠪᠡᠭ ᠪᠠᠶᠠᠯᠢᠭ ᠠᠮᠢ ᠠᠬᠤᠢ ᠶᠢᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠡᠬᠢ ᠪᠠᠶᠠᠯᠢᠭ᠂ ᠥᠪᠡᠷᠮᠢᠴᠡ ᠣᠨᠴᠠᠯᠢᠭ ᠪᠦᠬᠦᠢ ᠦᠨᠳᠦᠰᠦᠲᠡᠨ ᠤ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠡᠬᠢ ᠪᠠᠶᠠᠯᠢᠭ ᠵᠢᠴᠢ ᠪᠠᠷᠲᠠᠭ᠎ᠠ ᠰᠢᠨᠵᠢᠯᠡᠬᠦ ᠬᠥᠳᠡᠯᠭᠡᠭᠡᠨ ᠤ ᠡᠬᠢ ᠪᠠᠶᠠᠯᠢᠭ ᠵᠡᠷᠭᠡ ᠳᠠᠪᠠᠭᠤᠯᠢᠭ ᠲᠠᠢ ᠪᠠᠷ ᠥᠯᠥ ᠪᠠᠷᠠᠮ᠂ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠨᠢ ᠮᠠᠰᠢᠨ ᠲᠡᠷᠭᠡᠨ ᠤ ᠬᠥᠳᠡᠯᠭᠡᠭᠡᠨ ᠢ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ᠂ ᠵᠢᠯ ᠪᠦᠷᠢ ᠶᠡᠭᠡ ᠬᠡᠮᠵᠢᠶᠡᠨ ᠤ ᠥᠪᠡᠷ ᠲᠡᠭᠡᠨ ᠲᠡᠷᠭᠡ ᠵᠢᠯᠣᠭᠤᠳᠴᠤ ᠵᠢᠭᠤᠯᠴᠢᠯᠠᠬᠰᠠᠳ ᠢ ᠲᠠᠳᠠᠵᠥ ᠪᠤᠢ᠃ ᠬᠤᠷᠠᠯ ᠲᠡᠭᠡᠷ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᡁᠢ ᠶᠢᠤ ᠢᠯᠡᠷᠬᠡᠶᠢᠯᠡᠬᠦ ᠳᠡᠭᠡᠨ᠂ ᠬᠤᠶᠢᠰᠢᠳᠠ ᠪᠢᠳᠡ ᠡᠨᠡ ᠬᠦ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠦᠷᠦᠯ ᠲᠡᠮᠳᠡᠭ ᠪᠣᠯᠭᠠᠨ ᠴᠤᠬᠴᠠᠯᠠᠵᠥ᠂ ᠲᠤᠰ ᠤᠷᠤᠯᠳᠤᠭᠠᠨ ᠤ ᠲᠥᠷᠥᠯ ᠢ ᠦᠨᠡᠨ ᠬᠦ 《ᠪᠡᠶ᠎ᠡ ᠶᠢᠨ ᠲᠠᠮᠢᠷ + ᠵᠢᠭᠤᠯᠴᠢᠯᠠᠯ》 ᠤᠨ ᠠᠵᠢᠯᠯᠠᠭ᠎ᠠ ᠶᠢᠨ ᠨᠡᠶᠢᠳᠡᠯᠢᠭ ᠵᠢᠱᠢᠶ᠎ᠡ ᠪᠣᠯᠭᠠᠬᠤ ᠪᠠᠷ ᠴᠢᠷᠮᠠᠶᠢᠨ᠎ᠠ ᠭᠡᠵᠡᠶ᠃( ᠦᠷᠭᠡᠨ)
ᠢᠷᠡᠯᠳᠡ :
ᠦᠪᠦᠷ ᠮᠤᠩᠭᠤᠯ ᠤᠨ ᠡᠳᠦᠷ ᠦᠨ ᠰᠤᠨᠢᠨ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ