ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠠᠴᠠ ᠥᠢᠯᠠᠭᠠᠬᠰᠠᠨ ᠢᠶᠠᠷ᠂ 2021 ᠣᠨ ᠳᠤ ᠶᠠᠪᠤᠬᠳᠠᠬᠤ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠥᠯ ᠪᠥᠮᠪᠦᠭᠡ ᠶᠢᠨ ᠤᠷᠤᠯᠳᠤᠭᠠᠨ ᠳᠤ ᠤᠷᠤᠯᠴᠠᠬᠤ ᠮᠠᠨ ᠤ ᠤᠷᠤᠨ ᠤ U16 ᠡᠷᠡᠭᠳᠠᠢ ᠶᠢᠨ ᠬᠥᠯ ᠪᠥᠮᠪᠦᠭᠡ ᠶᠢᠨ ᠠᠩᠭᠢ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠰᠤᠷᠢᠭ᠎ᠠ ᠪᠣᠯᠪᠠᠰᠤᠷᠠᠯ ᠤᠨ ᠠᠵᠢᠯ ᠤᠨ ᠲᠣᠬᠢᠷᠠᠭᠤᠯᠤᠯᠲᠠ ᠪᠠᠷ᠂ ᠴᠢᠨ ᠬᠤᠸᠠᠩ ᠳ᠋ᠤᠤ ᠳᠤ ᠬᠥᠷᠴᠤ ᠰᠤᠷᠢᠭ᠎ᠠ ᠪᠤᠯᠪᠠᠰᠤᠷᠠᠯ ᠬᠢᠵᠥ ᠪᠤᠢ᠃ 

ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠷᠤᠯᠴᠠᠬᠤ ᠥᠪᠥᠷ ᠮᠣᠩᠭᠤᠯ ᠤᠨ U16 ᠡᠷᠡᠭᠲᠡᠶ ᠶᠢᠨ ᠠᠩᠭᠢ ᠶᠢᠨ 29 ᠲᠠᠮᠢᠷᠴᠢᠨ ᠴᠢᠨ ᠬᠤᠸᠠᠩ ᠳ᠋ᠤᠤ᠋ ᠳᠤ ᠪᠠᠶᠢᠷᠢᠯᠠᠭ᠎ᠠ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠪᠣᠯᠪᠠᠰᠤᠷᠠᠯ ᠤᠨ ᠰᠠᠭᠤᠷᠢᠨ ᠳᠤ 18 ᠡᠳᠦᠷ ᠤᠨ ᠬᠤᠭᠤᠴᠠᠭ᠎ᠠ ᠲᠠᠢ ᠪᠠᠷ ᠬᠤᠶᠠᠳᠤᠭᠠᠷ ᠬᠤᠭᠤᠴᠠᠭᠠᠨ ᠤ ᠬᠠᠮᠳᠤ ᠶᠢᠨ ᠪᠤᠯᠪᠠᠰᠤᠷᠠᠯ ᠪᠠ ᠵᠢᠭᠠᠨ ᠰᠤᠷᠭᠠᠯᠲᠠ ᠶᠢᠨ ᠤᠷᠤᠯᠳᠤᠭᠠᠨ ᠢᠶᠠᠨ ᠲᠤᠬᠳᠠᠬᠰᠠᠨ ᠲᠥᠯᠥᠪᠯᠡᠭᠡ ᠶᠤᠰᠤᠭᠠᠷ ᠶᠠᠪᠤᠬᠳᠠᠭᠤᠯᠵᠥ ᠪᠤᠢ᠃ ᠲᠤᠰ ᠤᠳᠠᠭ᠎ᠠ ᠶᠢᠨ ᠪᠤᠯᠪᠠᠰᠤᠷᠠᠯ ᠢᠶᠠᠷ ᠲᠠᠮᠵᠢᠨ ᠲᠠᠰᠬᠠᠯᠵᠢᠭᠤᠯᠤᠬᠴᠢ ᠶᠢᠨ ᠲᠤᠭᠤᠶᠢᠯᠠᠩ ᠤᠷᠤᠯᠳᠤᠭᠠᠨ ᠳᠤ ᠤᠷᠤᠯᠴᠠᠬᠤ ᠭᠤᠤᠯ ᠬᠥᠴᠥᠨ ᠤ ᠡᠩᠨᠡᠭᠡ ᠶᠢ ᠰᠤᠩᠭᠤᠨ ᠭᠠᠷᠭᠠᠬᠤ ᠶᠢᠨ ᠬᠠᠮᠳᠤ ᠲᠠᠮᠢᠷᠴᠢᠳ ᠤᠨ ᠤᠷ᠎ᠠ ᠮᠡᠷᠭᠡᠰᠢᠯ ᠳᠤ ᠪᠠᠶᠢᠷᠢ ᠲᠤᠬᠳᠠᠭᠠᠯᠳᠠ ᠬᠢᠬᠦ ᠪᠤᠯᠤᠨ᠎ᠠ᠃ ( ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ