764c9b32-b856-4ca8-a9ac-a365a5a77465.jpg

10 ᠰᠠᠷ᠎ᠠ ᠶᠢᠨ 13 ᠤ ᠡᠳᠦᠷ᠂ 2019 ᠶᠤᠸᠠᠨ ᠤ ᠲᠡᠭᠡᠳᠤ ᠨᠡᠶᠢᠰᠯᠡᠯ 《ᠭᠦᠶᠦᠭᠴᠢ》ᠤᠯᠠᠨ ᠤᠯᠤᠰ ᠤᠨ ᠬᠤᠯᠠ ᠭᠦᠶᠤᠯᠲᠡ ᠶᠢᠨ ᠤᠷᠤᠯᠳᠤᠭᠠᠨ ᠰᠢᠯᠤᠭᠤᠨ ᠬᠦᠬᠡ ᠬᠤᠰᠢᠭᠤᠨ ᠳᠤ ᠪᠤᠯᠵᠤ᠂ 90 ᠺᠢᠯᠤᠮᠧᠳ᠋ᠷ ᠤᠨ ᠬᠤᠯᠠ ᠭᠦᠶᠦᠯᠳᠡ᠂ ᠪᠠᠭᠠᠰᠬᠠᠭᠰᠠᠨ ᠬᠡᠯᠪᠡᠷᠢ ᠶᠢᠨ ᠭᠦᠶᠦᠭᠴᠢ 5 ᠺᠢᠯᠤᠮᠧᠳ᠋ᠷ ᠤᠨ ᠬᠤᠯᠠ ᠭᠦᠶᠤᠯᠲᠠ ᠪᠤᠯᠤᠨ 15 ᠺᠢᠯᠤᠮᠧᠳ᠋ᠷ ᠤᠨ ᠠᠯᠬᠤᠭ᠎ᠠ ᠤᠷᠤᠯᠳᠤᠭᠠᠨ ᠤ ᠭᠤᠷᠪᠠᠨ ᠲᠦᠷᠦᠯ ᠳᠤ ᠨᠡᠶᠢᠳᠡ 2500 ᠭᠠᠷᠤᠢ ᠬᠦᠮᠦᠨ ᠤᠷᠤᠯᠴᠠᠵᠠᠢ᠃

ᠡᠭᠦᠨ ᠳᠤ ᠮᠤᠩᠭᠤᠯ ᠤᠯᠤᠰ᠂ ᠺᠧᠨᠢᠶᠠ᠂ ᠡᠽᠢᠤᠫᠢᠶ᠎ᠠ᠂ ᠡᠮᠤᠨᠡᠲᠤ ᠠᠹᠷᠢᠺᠠ᠂ ᠨᠢᠭᠧᠷᠢᠶ᠎ᠡ᠂ ᠭᠠᠨᠠ ᠵᠡᠷᠭᠡ 9 ᠤᠯᠤᠰ ᠠᠴᠠ ᠬᠦᠷᠦᠯᠴᠡᠨ ᠢᠷᠡᠭᠰᠡᠨ 13 ᠨᠡᠷ᠎ᠡ ᠮᠠᠷᠠᠽᠤᠨ ᠤᠷᠤᠯᠳᠤᠭᠠᠨ ᠤ ᠲᠠᠮᠢᠷᠴᠢᠨ ᠪᠤᠯᠤᠨ ᠪᠡᠭᠡᠵᠢᠩ᠂ ᠲᠢᠶᠠᠨᠵᠢᠠ᠂ ᠾᠧᠪᠸᠢ᠂ ᠯᠢᠶᠤᠤᠨᠢᠩ᠂ ᠠᠨᠾᠦ᠋ᠢ ᠵᠡᠷᠭᠡ ᠮᠤᠵᠢ ᠬᠤᠳᠠ ᠦᠪᠡᠷᠲᠡᠭᠡᠨ ᠵᠠᠰᠠᠬᠤ ᠤᠷᠤᠨ ᠤ ᠨᠡᠶᠢᠳᠡ 300 ᠭᠠᠷᠤᠢ ᠲᠠᠮᠢᠷᠴᠢᠳ ᠭᠦᠶᠦᠭᠴᠢ ᠤᠯᠠᠨ ᠤᠯᠤᠰ ᠤᠨ ᠬᠤᠯᠠ ᠭᠦᠶᠦᠯᠳᠡ ᠶᠢᠨ ᠤᠷᠤᠯᠳᠤᠭᠠᠨ ᠤ 90 ᠺᠢᠯᠤᠮᠧᠳ᠋ᠷ ᠤᠨ ᠲᠦᠷᠦᠯ ᠵᠦᠢᠯ ᠳᠤ ᠬᠦᠴᠦ ᠦᠵᠡᠨ ᠦᠷᠢᠰᠦᠯᠳᠤᠪᠡ᠃ ᠤᠷᠤᠯᠳᠤᠭᠠᠨ ᠡᠬᠢᠯᠡᠬᠦ ᠠᠴᠠ ᠡᠮᠦᠨ᠎ᠡ᠂ ᠮᠤᠩᠭᠤᠯ ᠤᠯᠤᠰ ᠠᠴᠠ ᠬᠦᠷᠦᠯᠴᠡᠨ ᠢᠷᠡᠭᠰᠡᠨ ᠲᠠᠮᠢᠷᠴᠢᠨ ᠲᠤᠷᠤᠨᠠᠳᠤᠶᠠᠭ᠎ᠠ ᠲᠠᠢ ᠲᠠᠭᠠᠷᠠᠯᠳᠤᠨ ᠰᠤᠷᠪᠤᠯᠵᠢᠯᠠᠬᠤ ᠳᠤ ᠲᠡᠷᠡ᠄ 《ᠶᠤᠸᠠᠨ ᠤ ᠲᠡᠭᠡᠳᠤ ᠨᠡᠶᠢᠰᠯᠡᠯ ᠳᠤ ᠪᠤᠯᠵᠤ ᠪᠠᠶᠢᠭ᠎ᠠ ᠤᠷᠤᠯᠳᠤᠭᠠᠨ ᠳᠤ ᠤᠷᠤᠯᠴᠠᠵᠤ ᠪᠠᠶᠢᠭ᠎ᠠ ᠳᠠᠭᠠᠨ ᠮᠠᠰᠢ ᠪᠠᠶᠠᠷᠲᠠᠢ ᠪᠠᠶᠢᠨ᠎ᠠ᠂ ᠪᠢ ᠯᠠᠪᠲᠠᠶᠢᠶ᠎ᠠ ᠪᠦᠬᠦ ᠬᠦᠴᠦᠨ ᠢᠶᠠᠷ ᠢᠶᠠᠨ ᠴᠢᠷᠮᠠᠶᠢᠬᠤ ᠶᠤᠮ》 ᠭᠡᠵᠦ ᠪᠠᠶᠢᠯ᠎ᠠ᠃

ᠶᠤᠸᠠᠨ ᠤ ᠲᠡᠭᠡᠳᠤ ᠨᠡᠶᠢᠰᠯᠡᠯ 《ᠭᠦᠶᠦᠭᠴᠢ》 ᠤᠯᠠᠨ ᠤᠯᠤᠰ ᠤᠨ ᠬᠤᠯᠠ ᠭᠦᠶᠦᠯᠳᠡ ᠶᠢᠨ ᠤᠷᠤᠯᠳᠤᠭᠠᠨ ᠪᠤᠯ ᠰᠢᠯᠤᠭᠤᠨ ᠬᠦᠭᠡ ᠬᠤᠰᠢᠭᠤᠡ ᠠᠴᠠ ᠤᠷᠴᠢᠮ ᠤᠨ ᠵᠢᠯ ᠤᠳ ᠲᠤ ᠵᠤᠬᠢᠶᠠᠨ ᠪᠠᠶᠢᠭᠤᠯᠤᠨ ᠬᠢᠵᠦ ᠪᠤᠢ ᠤᠯᠠᠨ ᠤᠯᠤᠰ ᠤᠨ ᠴᠢᠨᠠᠷᠲᠠᠢ ᠬᠤᠯᠠ ᠭᠦᠶᠦᠯᠳᠡ ᠶᠢᠨ ᠤᠷᠤᠯᠳᠤᠭᠠᠨ ᠪᠤᠯᠬᠤ ᠪᠦᠬᠡᠳ ᠲᠡᠷᠡ ᠨᠢ ᠪᠠᠰᠠ ᠴᠤ ᠪᠡᠶ᠎ᠡ ᠶᠢᠨ ᠲᠠᠮᠢᠷ᠂ ᠲᠠᠮᠢᠷ ᠤᠨ ᠪᠤᠯᠪᠠᠰᠤᠷᠠᠯ᠂ ᠵᠢᠭᠤᠯᠴᠢᠯᠠᠯ ᠬᠢᠭᠡᠳ ᠮᠤᠩᠭᠤᠯ ᠶᠤᠸᠠᠨ ᠤ ᠰᠤᠶᠤᠯ ᠤᠨ ᠲᠠᠯᠳᠠ ᠠᠭᠤᠯᠬᠤᠨ ᠢ ᠲᠡᠯᠡᠬᠡᠢ ᠨᠡᠶᠢᠳᠡ ᠳᠤ ᠠᠭᠤᠳᠠᠯᠤᠨ ᠲᠠᠨᠢᠯᠴᠠᠭᠤᠯᠬᠤ ᠶᠡᠷᠦᠩᠬᠡᠶᠢᠯᠡᠭᠰᠡᠨ ᠴᠢᠨᠠᠷᠲᠠᠢ ᠰᠤᠶᠤᠯ ᠲᠠᠮᠢᠷ ᠵᠢᠭᠤᠯᠴᠢᠯᠠᠯ ᠤᠨ ᠠᠵᠢᠯᠯᠠᠭ᠎ᠠ ᠪᠤᠯᠬᠤ ᠶᠤᠮ᠃ ᠡᠨᠡ ᠲᠤᠬᠠᠢ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠪᠠᠶᠢᠡᠭᠭᠤ ᠶᠢᠨ ᠲᠡᠳ᠋ ᠬᠤᠰᠢᠭᠤᠨ ᠲᠠᠷᠤᠭ᠎ᠠ ᠪᠠᠲᠠᠷᠠᠯᠳᠤ ᠰᠤᠷᠪᠤᠯᠵᠢᠯᠠᠭ᠎ᠠ ᠬᠦᠯᠢᠶᠡᠬᠦ ᠳᠡᠭᠡᠨ᠄ 《ᠲᠤᠰ ᠤᠷᠤᠯᠳᠤᠭᠠᠨ ᠢ ᠡᠷᠬᠢᠯᠡᠬᠦ ᠪᠠᠷ ᠲᠠᠮᠵᠢᠭᠤᠯᠤᠨ ᠦᠨᠳᠦᠰᠦᠳᠡᠨ ᠤ ᠰᠤᠶᠤᠯ ᠤᠨ ᠤᠬᠢ ᠱᠦᠯᠳᠤ ᠶᠢ ᠠᠭᠤᠳᠠᠯᠤᠨ ᠢᠯᠡᠷᠡᠭᠦᠯᠵᠦ᠂ ᠮᠤᠩᠭᠤᠯ ᠶᠤᠸᠠᠨ ᠤ ᠰᠤᠶᠤᠯ ᠢᠶᠠᠨ ᠲᠡᠯᠡᠬᠡᠢ ᠨᠡᠶᠢᠳᠡ ᠳᠤ ᠲᠠᠨᠢᠭᠤᠯᠵᠤ᠂ ᠰᠢᠯᠤᠭᠤᠨ ᠬᠦᠬᠡ ᠬᠤᠰᠢᠭᠤᠨ ᠤ ᠪᠠᠨ ᠨᠡᠷ᠎ᠡ ᠠᠯᠳᠠᠷᠰᠢᠯ ᠢ ᠲᠡᠭᠡᠭᠰᠢᠯᠡᠬᠦᠯᠦᠨ᠂ ᠵᠢᠭᠤᠯᠴᠢᠯᠠᠯ ᠤᠨ ᠦᠢᠯᠡᠰ ᠤᠨ ᠤᠯᠠᠨ ᠲᠠᠯ᠎ᠠ ᠶᠢᠨ ᠬᠦᠭᠵᠢᠯᠳᠡ ᠶᠢ ᠲᠤᠷᠪᠢᠲᠠᠢ ᠠᠬᠢᠭᠤᠯᠬᠤ ᠪᠤᠯ ᠪᠢᠳᠡᠨ ᠤ ᠵᠤᠷᠢᠯᠭ᠎ᠠ ᠶᠤᠮ》 ᠭᠡᠵᠦ ᠶᠠᠷᠢᠵᠤ ᠪᠢᠯᠡ᠃

ᠬᠠᠷᠢᠨ ᠭᠦᠶᠦᠭᠴᠢ ᠬᠤᠯᠠ ᠭᠦᠶᠦᠯᠳᠠ ᠶᠢᠨ ᠡᠭᠦᠰᠦᠯ ᠤᠯᠪᠠᠭ᠎ᠠ ᠶᠢᠨ ᠲᠤᠬᠠᠢ ᠲᠡᠤᠬᠡ ᠰᠤᠳᠤᠷ ᠲᠤ ᠲᠡᠮᠳᠡᠭᠯᠡᠭᠰᠡᠨ ᠢ ᠦᠨᠳᠦᠰᠦᠯᠡᠪᠡᠯ᠂ ᠶᠤᠸᠠᠨ ᠤᠯᠤᠰ ᠤᠨ ᠬᠤᠪᠢᠯᠠᠢ ᠰᠡᠴᠡᠨ ᠬᠠᠭᠠᠨ ᠤ ᠦᠶ᠎ᠡ ᠳᠤ ᠪᠤᠶᠤ 700 ᠭᠠᠷᠤᠢ ᠵᠢᠯ ᠤᠨ ᠡᠮᠦᠨ᠎ᠠ᠂ ᠤᠷᠳᠤᠨ ᠤ ᠴᠡᠷᠢᠭ ᠤᠨ ᠬᠡᠪ ᠪᠤᠯᠪᠠᠰᠤᠷᠠᠯ ᠢ ᠴᠢᠩᠭᠠᠳᠬᠠᠬᠤ ᠡᠭᠦᠳᠡᠨ ᠠᠴᠠ ᠬᠤᠯᠠ ᠭᠦᠶᠤᠯᠳᠠ ᠶᠢᠨ ᠤᠷᠤᠯᠳᠤᠭᠠᠨ ᠶᠠᠪᠤᠭᠳᠠᠭᠤᠯᠵᠤ᠂ ᠲᠡᠭᠦᠨ ᠢ ᠪᠠᠨ 《ᠭᠦᠶᠦᠭᠴᠢ》 ᠭᠡᠵᠦ ᠨᠡᠷᠡᠶᠢᠤᠨᠴᠤ ᠪᠠᠶᠢᠭᠰᠠᠨ ᠪᠠ ᠬᠤᠵᠢᠮ ᠨᠢ ᠭᠦᠶᠦᠭᠴᠢ ᠭᠡᠳᠡᠭ ᠦᠭᠡ ᠨᠢ ᠶᠤᠸᠡᠠ ᠤᠯᠤᠰ ᠤᠨ ᠬᠤᠯᠠ ᠭᠦᠶᠦᠯᠳᠡ ᠶᠢᠨ ᠤᠷᠤᠯᠳᠤᠭᠠᠨ ᠤ ᠲᠤᠰᠬᠠᠢ ᠨᠡᠷᠡᠶᠢᠳᠤᠯ ᠪᠤᠯᠤᠨ ᠵᠠᠩᠰᠢᠵᠠᠢ᠃ 1896 ᠤᠨ ᠳᠤ ᠡᠷᠳᠡᠨ ᠤ ᠭᠷᠸᠢᠡ ᠠᠴᠠ ᠡᠭᠦᠰᠦᠯᠳᠡᠢ ᠤᠳᠤ ᠦᠶ᠎ᠡ ᠶᠢᠨ ᠲᠠᠮᠢᠷ ᠤᠨ ᠤᠷᠤᠯᠳᠤᠭᠠᠨ ᠤ ᠴᠢᠬᠤᠯᠠ ᠨᠢᠭᠡᠨ ᠲᠦᠷᠦᠯ ᠵᠦᠢᠯ ᠪᠤᠯᠬᠤ ᠮᠠᠷᠠᠽᠤᠨ ᠤᠷᠤᠯᠳᠤᠭᠠᠨ ᠤ ᠬᠦᠶᠦᠯᠳᠡ ᠶᠢᠨ ᠵᠠᠢ ᠶᠢᠨ ᠪᠦᠬᠦ ᠤᠷᠳᠤ ᠨᠢ 42.285 ᠺᠢᠯᠣᠮᠧᠲᠷ    ᠪᠠᠶᠢᠳᠠᠭ᠃ ᠢᠩᠬᠢᠵᠦ ᠪᠤᠳᠤᠪᠠᠯ᠂ ᠶᠤᠸᠠᠨ ᠤᠯᠤᠰ ᠤᠨ ᠦᠶ᠎ᠡ ᠳᠤ ᠡᠭᠦᠰᠦᠭᠰᠡᠨ 《ᠭᠦᠶᠦᠭᠴᠢ》 ᠬᠤᠯᠠ ᠭᠦᠶᠦᠯᠳᠡ ᠶᠢᠨ ᠤᠷᠤᠯᠳᠤᠭᠠᠨ ᠨᠢ ᠮᠠᠷᠠᠽᠤᠨ ᠤᠷᠤᠯᠳᠤᠭᠠᠨ ᠠᠴᠠ 600 ᠭᠠᠷᠤᠢ ᠵᠢᠯ ᠡᠷᠳᠡ ᠪᠤᠢ ᠪᠤᠯᠤᠭᠰᠠᠨ ᠪᠦᠭᠡᠳ ᠭᠦᠶᠦᠯᠳᠡ ᠶᠢᠨ ᠵᠠᠢ ᠨᠢ 90 ᠺᠢᠯᠣᠮᠧᠲᠷ ᠪᠠᠶᠢᠵᠤ ᠵᠠᠮ ᠱᠤᠭᠤᠮ ᠤᠨ ᠲᠠᠯ᠎ᠠ ᠲᠡᠭᠡᠷ᠎ᠡ ᠴᠤ ᠬᠤᠶᠠᠷ ᠲᠠᠬᠢᠨ ᠢᠯᠡᠭᠦᠦ ᠬᠤᠯᠠ ᠪᠤᠯᠤᠭᠰᠠᠨ ᠪᠠᠶᠢᠨ᠎ᠠ᠃(ᠪᠢᠯᠢᠭ᠍ᠪᠠᠭᠠᠳᠤᠷ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ