10 ᠰᠠᠷ᠎ᠠ ᠶᠢᠨ 19 ᠤ ᠡᠳᠦᠷ ᠬᠥᠬᠡᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠳᠤᠷᠠᠨ ᠭᠤᠤᠯᠯᠠᠨ ᠡᠷᠬᠢᠯᠡᠭᠰᠡᠨ 2019 ᠣᠨ ᠤ  《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ》ᠪᠦᠬᠦ ᠤᠯᠤᠰ ᠤᠨ ᠴᠢᠩᠭᠡᠯᠢᠭᠲᠦ ᠮᠠᠶ᠋ᠢᠭ ᠤᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠬᠥᠬᠡᠬᠤᠲᠠ ᠳᠤ ᠶᠠᠪᠤᠭᠳᠠᠪᠠ᠃ 

ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠨᠡᠶᠢᠲᠡ 5 ᠮᠣᠵᠢ ᠬᠤᠲᠠ ᠶᠢᠨ 24 ᠪᠠᠬ ᠤᠨ ᠨᠡᠶᠢᠲᠡ 300 ᠭᠠᠷᠤᠶ ᠲᠠᠮᠢᠷᠴᠢᠨ ᠤᠷᠤᠯᠴᠠᠬᠤ ᠪᠤᠯᠤᠨ᠎ᠠ᠃ ᠵᠧᠵᠢᠶᠠᠩ ᠤᠨ ᠲᠠᠶᠢᠵᠸᠤ ᠶᠢᠨ ᠪᠡᠶ᠎ᠡ ᠶᠢᠨ ᠲᠠᠮᠢᠷ ᠤᠨ ᠠᠩᠭᠢ ᠶᠢᠨ ᠶᠠᠩ ᠯᠢᠩ ᠬᠠᠩ᠄ 《ᠪᠢᠳᠡ ᠠᠩᠬ᠎ᠠ ᠤᠳᠠᠭ᠎ᠠ ᠥᠪᠥᠷ ᠮᠣᠩᠭᠤᠯ ᠳᠤ ᠢᠷᠡᠵᠦ ᠤᠷᠤᠯᠳᠤᠭᠠᠨ ᠳᠤ ᠣᠷᠣᠯᠴᠠᠪᠠ᠂ ᠳᠤᠯᠠᠭᠠᠨ ᠤ ᠵᠥᠷᠢᠶ᠎ᠡ ᠵᠡᠷᠭᠡ ᠰᠢᠯᠲᠠᠭᠠᠨ ᠠᠴᠠ ᠪᠣᠯᠵᠤ ᠥᠪᠡᠷ ᠤᠨ ᠪᠣᠳᠠᠲᠤ ᠬᠦᠴᠦᠨ ᠢᠶᠠᠨ ᠪᠠᠳᠠᠷᠠᠭᠤᠯᠵᠤ ᠴᠢᠳᠠᠭᠰᠠᠨ ᠦᠭᠡᠢ᠂ ᠭᠡᠪᠡᠴᠦ ᠮᠠᠨ ᠤ ᠪᠠᠬ ᠪᠣᠯ ᠪᠦᠷ ᠵᠠᠯᠠᠭᠤᠴᠤᠳ ᠪᠣᠯᠤᠨ᠎ᠠ᠂ ᠯᠠᠪᠲᠠᠶ ᠠᠯᠢ ᠲᠦᠷᠭᠡᠨ ᠢᠶᠠᠷ ᠵᠣᠬᠢᠴᠠᠵᠤ ᠳᠠᠷᠠᠭᠠᠴᠢ ᠶᠢᠨ ᠤᠷᠤᠯᠳᠤᠭᠠᠨ ᠳᠤ ᠨᠠᠩ ᠰᠠᠶᠢᠨ ᠥᠷ᠎ᠠ ᠪᠥᠳᠥᠮᠵᠢ ᠤᠯᠬᠤ ᠶᠢ ᠪᠠᠳᠤ ᠢᠳᠡᠭᠡᠵᠥ ᠪᠠᠶᠢᠨ᠎ᠠ᠃ ᠡᠨᠡ ᠤᠳᠠᠭ᠎ᠠ ᠶᠢᠨ ᠢᠷᠡᠭᠰᠡᠨ ᠵᠣᠷᠢᠯᠭ᠎ᠠ ᠪᠣᠯ ᠭᠤᠤᠯᠳᠠᠭᠤ ᠲᠡᠮᠢᠷᠴᠢᠨ ᠢᠶᠠᠨ ᠳᠠᠪᠲᠠᠨ ᠪᠣᠯᠪᠠᠰᠤᠷᠠᠭᠤᠯᠵᠤ᠂ ᠤᠷᠤᠯᠳᠤᠭᠠᠨ ᠢᠶᠠᠷ ᠰᠤᠷᠭᠠᠭᠤᠯᠢᠯᠠᠯ ᠢ ᠣᠷᠣᠯᠠᠭᠤᠯᠵᠤ᠂ ᠪᠤᠰᠤᠳ ᠮᠣᠵᠢ ᠬᠤᠲᠠ ᠶᠢᠨ ᠮᠡᠷᠭᠡᠵᠢᠯ ᠪᠠ ᠪᠠᠶᠢᠯᠳᠤᠬᠤ ᠠᠷᠭ᠎ᠠ ᠶᠢ ᠰᠤᠷᠤᠯᠴᠠᠬᠤ ᠶᠠᠪᠤᠳᠠᠯ ᠪᠣᠯᠤᠨ᠎ᠠ 》 ᠭᠡᠵᠡᠢ᠃( ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ