ᠠᠷᠪᠠᠨ ᠳᠦᠷᠪᠠᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠦᠩᠭᠡᠷᠡᠭᠰᠡᠨ ᠬᠤᠭᠤᠴᠠᠭᠠᠨ ᠤ ᠬᠢ ᠲᠠᠢ ᠪᠠᠨ ᠮᠠᠰᠢ ᠶᠡᠭᠡ ᠢᠯᠭᠠᠭ᠎ᠠ ᠲᠠᠢ ᠰᠢᠤ︕ ᠨᠡᠶᠢᠲᠡ ᠵᠢᠷᠭᠤᠭᠠᠨ 《ᠠᠩᠬᠠᠳᠠᠬᠴᠢ》 ᠶᠢ ᠪᠡᠶᠡᠯᠡᠭᠦᠯᠵᠡᠢ︕

ᠠᠷᠪᠠᠨ ᠳᠦᠷᠪᠠᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2020 ᠤᠨ ᠤ 2 ᠰᠠᠷ᠎ᠠ ᠳᠤ ᠥᠪᠥᠷ ᠮᠣᠩᠭᠤᠯ ᠳᠤ ᠶᠠᠪᠤᠭᠳᠠᠬᠤ ᠪᠤᠯᠤᠨ᠎ᠠ᠂ ᠡᠨᠡ ᠪᠣᠯ 2022 ᠤᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠮᠠᠨ ᠤ ᠤᠯᠤᠰ ᠠᠴᠠ ᠡᠷᠬᠢᠯᠡᠭᠰᠡᠨ ᠬᠡᠪᠴᠢᠶ᠎ᠡ ᠪᠠᠷ ᠬᠠᠮᠤᠭ ᠤᠨ ᠶᠡᠭᠡ᠂ ᠲᠤᠰᠬᠠᠶ ᠮᠡᠷᠭᠡᠵᠢᠯ ᠤᠨ ᠴᠢᠨᠠᠷ ᠢᠶᠠᠷ ᠬᠠᠮᠤᠭ ᠤᠨ ᠴᠢᠩᠭ᠎ᠠ᠂ ᠬᠢᠷᠢ ᠲᠦᠪᠰᠢᠨ ᠢᠶᠠᠷ ᠬᠠᠮᠤᠭ ᠤᠨ ᠥᠨᠳᠥᠷ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯᠤᠨ᠎ᠠ᠃

ᠥᠩᠭᠡᠷᠡᠭᠰᠡᠨ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠠᠢ ᠬᠠᠷᠢᠴᠠᠭᠤᠯᠪᠠᠯ᠂ ᠠᠷᠪᠠᠨ ᠳᠦᠷᠪᠠᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠤᠬᠢᠶᠠᠨ ᠪᠠᠶᠢᠭᠤᠯᠤᠯᠲᠠ᠂ ᠲᠦᠷᠦᠯ ᠵᠦᠢᠯ ᠤᠨ ᠪᠠᠶᠢᠷᠢᠯᠠᠭᠤᠯᠤᠯᠲᠠ ᠵᠡᠷᠭᠡ ᠲᠠᠯ᠎ᠠ ᠪᠠᠷ ᠴᠦᠮ ᠴᠢᠬᠤᠯᠠ ᠶᠡᠭᠡ ᠳᠤᠬᠢᠷᠠᠭᠤᠯᠤᠯᠲᠠ ᠪᠠ ᠰᠢᠨ᠎ᠡ ᠡᠭᠦᠳᠦᠯᠲᠡ ᠲᠠᠢ᠂ ᠤᠷᠤᠯᠳᠤᠭᠠᠨ ᠤ ᠬᠡᠪᠴᠢᠶ᠎ᠡ ᠪᠠᠨ ᠡᠳᠦᠢ ᠲᠡᠳᠦᠢ ᠦᠷᠭᠡᠳᠴᠤ᠂ ᠬᠦᠮᠦᠨ ᠤ ᠲᠤᠭ᠎ᠠ ᠨᠢ ᠶᠡᠭᠡ ᠪᠠᠷ ᠨᠡᠮᠡᠭᠳᠡᠵᠤ᠂ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠬᠯᠠᠭᠠᠨ ᠨᠢ ᠵᠢᠷᠭᠤᠭᠠᠨ 《ᠠᠩᠬᠠᠳᠠᠬᠴᠢ》 ᠢ ᠪᠡᠶᠡᠯᠡᠭᠦᠯᠵᠡᠢ᠃  

ᠠᠩᠬᠠᠳᠠᠭᠴᠢ ᠤᠳᠠᠭ᠎ᠠ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠠᠷ ᠨᠢᠭᠡᠴᠢ ᠪᠤᠯᠭᠠᠨ ᠤᠷᠤᠯᠳᠤᠭᠠᠨ ᠳᠤ ᠤᠷᠤᠯᠴᠠᠨ᠎ᠠ

ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠳᠤ ᠠᠩᠬ᠎ᠠ ᠤᠳᠠᠭ᠎ᠠ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠠᠷ ᠨᠢᠭᠡᠴᠢ ᠪᠣᠯᠭᠠᠨ ᠤᠷᠤᠯᠴᠠᠬᠤ ᠪᠤᠯᠤᠭᠰᠠᠨ ᠪᠠᠶᠢᠨ᠎ᠠ᠃ ᠥᠩᠭᠡᠷᠡᠭᠰᠡᠨ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠪᠦᠷ ᠲᠤᠰᠬᠠᠶ ᠣᠷᠣᠨ (ᠬᠤᠲᠠ) ᠢᠶᠠᠷ ᠨᠢᠭᠡᠴᠢ ᠪᠣᠯᠭᠠᠨ᠂ ᠪᠦᠬᠦ ᠤᠯᠤᠰ ᠠᠴᠠ ᠪᠠᠷᠤᠭ 1 / 3 ᠮᠣᠵᠢ ᠬᠤᠲᠠ ᠤᠷᠤᠯᠳᠤᠭᠠᠨ ᠳᠤ ᠣᠷᠣᠯᠴᠠᠵᠤ ᠪᠠᠶᠢᠵᠠᠢ᠃ ᠬᠠᠷᠢᠨ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠦᠬᠦ ᠤᠯᠤᠰ ᠤᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠴᠢᠯᠥᠭᠡᠯᠡᠬᠦ ᠴᠡᠷᠢᠭ ᠵᠡᠷᠭᠡ ᠠᠴᠠ ᠴᠥᠮ ᠤᠷᠤᠯᠳᠤᠭᠠᠨ ᠳᠤ ᠤᠷᠤᠯᠴᠠᠬᠤ ᠠᠩᠬᠢ ᠲᠤᠮᠢᠯᠠᠵᠤ᠂ 《ᠪᠦᠬᠦ ᠤᠯᠤᠰ ᠤᠨ  ᠴᠢᠨᠠᠷᠳᠠᠢ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ》 ᠢ ᠠᠩᠬᠠᠳᠠᠬᠴᠢ ᠤᠳᠠᠭ᠎ᠠ ᠵᠢᠩᠬᠢᠨᠢ ᠪᠠᠷ ᠪᠡᠶᠡᠯᠡᠭᠦᠯᠪᠡ᠃ 

ᠠᠩᠬᠠᠳᠠᠬᠴᠢ ᠤᠳᠠᠭ᠎ᠠ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠷᠥᠯ ᠵᠦᠢᠯ ᠲᠠᠢ ᠪᠦᠬᠦ ᠲᠠᠯ᠎ᠠ ᠪᠠᠷ ᠵᠣᠯᠭᠠᠯᠴᠠᠭᠤᠯᠪᠠ

ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠲᠥᠷᠥᠯ ᠵᠦᠢᠯ ᠢ ᠲᠣᠬᠢᠷᠠᠭᠤᠯᠤᠯᠲᠠ ᠶᠢᠨ ᠲᠠᠯ᠎ᠠ ᠪᠠᠷ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠷᠥᠯ ᠵᠦᠢᠯ ᠲᠠᠢ ᠪᠥᠬᠦ ᠲᠠᠯ᠎ᠠ ᠪᠠᠷ ᠵᠣᠯᠭᠠᠯᠴᠠᠭᠤᠯᠵᠤ᠂ ᠪᠥᠬᠦ ᠲᠥᠷᠥᠯ ᠵᠦᠢᠯ ᠢ ᠠᠩᠬ᠎ᠠ ᠤᠳᠠᠭ᠎ᠠ ᠪᠡᠶᠡᠯᠡᠭᠦᠯᠪᠡ᠃ 2022 ᠤᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠨᠡᠶᠢᠲᠡ 7 ᠶᠡᠭᠡ ᠲᠥᠷᠥᠯ ᠵᠦᠢᠯ᠂ 15 ᠬᠤᠪᠢᠶᠠᠷᠢ ᠲᠥᠷᠥᠯ ᠵᠦᠢᠯ᠂ 109 ᠪᠠᠭ᠎ᠠ ᠲᠥᠷᠥᠯ ᠵᠦᠢᠯ ᠢ ᠲᠣᠬᠢᠷᠠᠭᠤᠯᠵᠠᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠥᠷᠥᠯ ᠵᠦᠢᠯ ᠢ ᠴᠦ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠷᠥᠯ ᠵᠦᠢᠯ ᠢᠶᠠᠷ ᠲᠣᠬᠢᠷᠠᠭᠤᠯᠤᠭᠰᠠᠨ ᠪᠠᠶᠢᠨ᠎ᠠ᠃

ᠡᠭᠦᠨ ᠠᠴᠠ ᠭᠠᠳᠠᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠢᠨ᠎ᠡ ᠪᠠᠷ ᠨᠡᠮᠡᠭᠳᠡᠭᠰᠡᠨ ᠵᠠᠯᠠᠭᠤᠴᠤᠳ ᠤᠨ ᠲᠥᠷᠥᠯ ᠵᠦᠢᠯ 32 ᠪᠣᠶ᠂ ᠡᠶᠢᠮᠦ ᠠᠴᠠ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 7 ᠶᠡᠭᠡ ᠲᠥᠷᠥᠯ ᠵᠦᠢᠯ᠂ 15 ᠬᠤᠪᠢᠶᠠᠷᠢ ᠲᠥᠷᠥᠯ ᠵᠦᠢᠯ ᠪᠠ 141 ᠪᠠᠭ᠎ᠠ ᠲᠥᠷᠥᠯ ᠵᠦᠢᠯ ᠪᠠᠶᠢᠵᠤ᠂ ᠪᠥᠬᠦ ᠲᠥᠷᠥᠯ ᠵᠦᠢᠯ ᠢ ᠪᠡᠶᠡᠯᠡᠭᠦᠯᠪᠡ᠃ 

ᠠᠩᠬᠠᠳᠠᠬᠴᠢ ᠤᠳᠠᠭ᠎ᠠ ᠣᠯᠠᠨ ᠲᠦᠮᠡᠨ ᠤ ᠲᠥᠷᠥᠯ ᠵᠦᠢᠯ ᠢ ᠲᠣᠬᠢᠷᠠᠭᠤᠯᠵᠠᠢ

ᠥᠩᠭᠡᠷᠡᠭᠰᠡᠨ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠠᠢ ᠬᠠᠷᠢᠴᠠᠭᠤᠯᠪᠠᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠯᠠᠨ ᠲᠦᠮᠡᠨ ᠤ ᠲᠥᠷᠥᠯ ᠵᠦᠢᠯ ᠢ ᠠᠩᠬ᠎ᠠ ᠤᠳᠠᠭ᠎ᠠ ᠲᠣᠬᠢᠷᠠᠭᠤᠯᠪᠠ᠃ ᠠᠩᠬ᠎ᠠ ᠤᠳᠠᠭ᠎ᠠ ᠮᠥᠰᠥᠨ ᠳᠡᠭᠡᠷᠡᠬᠢ ᠯᠤᠤᠲᠤ ᠣᠩᠭᠤᠴᠠ ᠪᠣᠯᠤᠨ ᠴᠠᠰᠤᠨ ᠳᠡᠭᠡᠷᠡᠬᠢ ᠬᠥᠯ ᠪᠥᠮᠪᠦᠭᠡ ᠭᠡᠬᠦ ᠬᠤᠶᠠᠷ ᠣᠯᠠᠨ ᠲᠦᠮᠡᠨ ᠤ ᠲᠥᠷᠥᠯ ᠵᠦᠢᠯ ᠢ ᠨᠡᠮᠡᠵᠦ ᠲᠣᠬᠢᠷᠠᠭᠤᠯᠪᠠ᠃ 

ᠴᠠᠰᠤᠨ ᠲᠡᠭᠡᠷᠡᠬᠢ ᠬᠥᠯ ᠪᠥᠮᠪᠦᠭᠡ ᠶᠢᠨ ᠲᠥᠷᠥᠯ ᠵᠦᠢᠯ ᠤᠨ ᠤᠷᠤᠯᠳᠤᠭᠠᠨ ᠬᠥᠯᠥᠨ ᠪᠤᠶᠢᠷ ᠬᠤᠲᠠ ᠳᠤ ᠶᠠᠪᠤᠭᠳᠠᠵᠤ᠂ ᠮᠥᠰᠥᠨ ᠳᠡᠭᠡᠷᠡᠬᠢ ᠯᠤᠤᠲᠤ ᠣᠩᠭᠤᠴᠠ ᠶᠢᠨ ᠲᠥᠷᠥᠯ ᠵᠦᠢᠯ ᠤᠨ ᠤᠷᠤᠯᠳᠤᠭᠠᠨ ᠤ ᠲᠠᠯᠠᠪᠤᠷ ᠢ ᠰᠢᠯᠢ ᠶᠢᠨ ᠭᠤᠤᠯ ᠠᠶᠢᠮᠠᠭ ᠤᠨ ᠲᠤᠯᠤᠨ ᠨᠤᠤᠷ ᠰᠢᠶᠠᠨ ᠳᠤ ᠪᠠᠶᠢᠷᠢᠯᠠᠭᠤᠯᠤᠨ᠎ᠠ᠃ ᠣᠳᠣᠬᠠᠨ ᠳᠤ᠂ ᠮᠥᠰᠥᠨ ᠳᠡᠭᠡᠷᠡᠬᠢ ᠯᠤᠤᠲᠤ ᠣᠩᠭᠤᠴᠠᠨ ᠤ ᠤᠷᠤᠯᠳᠤᠭᠠᠨ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠭᠢ ᠶᠠᠭ ᠰᠢᠯᠢ ᠶᠢᠨ ᠭᠤᠤᠯ ᠠᠶᠢᠮᠠᠭ ᠲᠤ ᠶᠠᠭᠠᠷᠠᠯᠲᠠᠶ ᠪᠣᠯᠪᠠᠰᠤᠷᠠᠵᠤ ᠪᠠᠶᠢᠨ᠎ᠠ᠃ 

ᠠᠩᠬᠠᠳᠠᠬᠴᠢ ᠤᠳᠠᠭ᠎ᠠ ᠵᠤᠨ ᠤ ᠤᠯᠠᠷᠢᠯ ᠤᠨ ᠪᠠᠶ᠎ᠠ ᠶᠢᠨ ᠲᠠᠮᠢᠷ ᠤᠨ ᠲᠦᠷᠦᠯ ᠵᠦᠢᠯ ᠢᠯᠡᠷᠡᠪᠡ 

ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠷᠳᠦᠲᠦ ᠭᠤᠯᠭᠤᠭ᠎ᠠ᠂ ᠬᠦᠷᠳᠦᠲᠦ ᠭᠤᠯᠭᠤᠭ᠎ᠠ ᠶᠢᠨ ᠮᠥᠰᠥᠨ ᠪᠥᠮᠪᠦᠭᠡ᠂ ᠭᠤᠯᠭᠤᠭᠤᠷ ᠬᠦᠷᠳᠦ᠂ ᠭᠤᠯᠭᠤᠭᠤᠷ ᠬᠦᠷᠳᠦ + ᠫᠤᠤᠳᠠᠯᠭ᠎ᠠ ᠵᠡᠷᠭᠡ ᠵᠣᠨ ᠤ ᠤᠯᠠᠷᠢᠯ ᠤᠨ 7 ᠤᠷᠤᠯᠳᠤᠭᠠᠨ ᠤ ᠲᠥᠷᠥᠯ ᠵᠦᠢᠯ ᠢ ᠨᠡᠮᠡᠵᠠᠶ᠃ ᠡᠨᠡ ᠨᠢ ᠮᠥᠨ ᠴᠦ ᠵᠣᠨ ᠤ ᠤᠯᠠᠷᠢᠯ ᠤᠨ ᠲᠥᠷᠥᠯ ᠵᠦᠢᠯ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠠᠢ ᠳᠤ ᠠᠩᠬ᠎ᠠ ᠤᠳᠠᠭ᠎ᠠ ᠢᠯᠡᠷᠡᠵᠦ  ᠪᠠᠶᠢᠭ᠎ᠠ ᠶᠠᠪᠤᠳᠠᠯ ᠪᠣᠯᠤᠨ᠎ᠠ᠃

ᠠᠩᠬᠠᠳᠠᠬᠴᠢ ᠤᠳᠠᠭ᠎ᠠ ᠵᠠᠷᠢᠮ ᠵᠠᠷᠢᠮᠤᠷᠤᠯᠳᠤᠭᠠᠨ ᠨᠢ ᠭᠠᠳᠠᠭᠠᠳᠤ ᠳᠤ ᠤᠷᠤᠯᠳᠤᠨ᠎ᠠ 

ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷᠡᠬᠢ ᠴᠢᠷᠭ᠎ᠠ᠂ ᠲᠠᠪᠴᠠᠩ ᠬᠠᠷᠠᠶᠢᠨ ᠡᠪᠡᠰᠦ ᠭᠤᠯᠭᠤᠬᠤ ᠵᠡᠷᠭᠡ ᠬᠡᠰᠡᠭ ᠲᠥᠷᠥᠯ ᠵᠦᠢᠯ ᠨᠢ ᠤᠷᠤᠯᠳᠤᠭᠠᠨ ᠤ ᠲᠠᠯᠠᠪᠤᠷ ᠢᠶᠠᠨ ᠭᠠᠳᠠᠭᠠᠳᠤ ᠳᠤ ᠳᠤᠬᠢᠷᠠᠭᠤᠯᠤᠨ᠎ᠠ᠂ ᠡᠨᠡ ᠨᠢ ᠮᠥᠨ ᠴᠦ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠩᠬᠠᠳᠠᠭᠴᠢ ᠤᠳᠠᠭ᠎ᠠ ᠪᠣᠯᠤᠨ᠎ᠠ᠃

ᠥᠪᠥᠷ ᠮᠣᠩᠭᠤᠯ ᠤᠨ 《ᠠᠩᠬᠠᠳᠠᠬᠴᠢ ᠤᠳᠠᠭ᠎ᠠ》 

ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 70 ᠭᠠᠷᠤᠶ ᠵᠢᠯ ᠤᠨ ᠲᠤᠷᠰᠢᠬᠢᠨᠩᠬᠠᠳᠠᠬᠴᠢ ᠤᠳᠠᠭ᠎ᠠ ᠳᠠᠭᠠᠭᠠᠴᠢᠯᠠᠨ ᠡᠷᠬᠢᠯᠡᠭᠰᠡᠨ ᠪᠥᠬᠦ ᠤᠯᠤᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠲᠠᠮᠢᠷ ᠤᠨ ᠴᠤᠭᠯᠠᠭᠠᠨ ᠪᠣᠯᠤᠨ᠎ᠠ᠂ ᠲᠤᠰ ᠤᠳᠠᠭ᠎ᠠ ᠨᠢ ᠥᠪᠥᠷ ᠮᠣᠩᠭᠤᠯ ᠢ ᠳᠡᠯᠭᠡᠨ ᠦᠵᠡᠭᠦᠯᠬᠦ᠂ ᠥᠪᠥᠷ ᠮᠣᠩᠭᠤᠯ ᠢ ᠤᠬᠠᠭᠤᠯᠬᠤ᠂ ᠥᠪᠥᠷ ᠮᠣᠩᠭᠤᠯ ᠢ ᠬᠥᠭᠵᠢᠭᠦᠯᠬᠦ ᠣᠯᠳᠠᠰᠢ ᠥᠬᠡᠶ ᠠᠵᠠ ᠲᠣᠬᠢᠶᠠᠯ ᠪᠣᠯᠤᠨ᠎ᠠ᠃ 

2020 ᠤᠨ ᠤ 2 ᠰᠠᠷ᠎ᠠ ᠳᠤ᠂ ᠪᠢᠳᠠ ᠦᠪᠦᠷ ᠮᠤᠩᠭᠤᠯ ᠳᠤ ᠪᠤᠯᠵᠤᠨ᠂ ᠠᠷᠪᠠᠨ ᠳᠦᠷᠪᠠᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠶᠢᠬᠠᠮᠰᠢᠬᠳᠤ ᠷᠢᠳᠢ ᠰᠢᠳᠢ ᠶᠢ ᠮᠡᠳᠡᠷᠡᠵᠡᠭᠡᠶ᠎ᠡ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ