10 ᠰᠠᠷ᠎ᠠ ᠶᠢᠨ 23 ᠤ ᠤᠷᠤᠢ᠂ ᠳᠣᠯᠣᠳᠣᠭᠠᠷ ᠬᠤᠭᠤᠴᠠᠭᠠᠨ ᠤ ᠳᠡᠯᠡᠬᠡᠢ ᠶᠢᠨ ᠴᠡᠷᠢᠭ ᠬᠦᠮᠦᠨ ᠤ ᠳᠠᠮᠢᠷ ᠤᠨ ᠴᠣᠭᠯᠠᠭᠠᠨ ᠤ ᠡᠮᠡᠭᠳᠡᠢ ᠶᠢᠨ ᠪᠤᠺᠰ ᠤᠨ ᠤᠷᠤᠯᠳᠤᠭᠠᠨ ᠢ ᠰᠤᠨᠢᠷᠬᠠᠬᠤ ᠪᠠᠷ ᠢᠷᠡᠭᠰᠡᠨ ᠦᠬᠠᠨ ᠬᠤᠳᠠ ᠶᠢᠨ ᠦᠵᠡᠭᠴᠢᠳ ᠦᠬᠠᠨ ᠤ ᠪᠡᠶ᠎ᠠ ᠶᠢᠨ ᠲᠠᠮᠢᠷ ᠤᠨ ᠲᠡᠭᠡᠳᠤ ᠰᠤᠷᠭᠠᠭᠤᠯᠢ ᠶᠢᠨ ᠲᠠᠮᠢᠷ ᠤᠨ ᠤᠷᠳᠤᠨ ᠳᠤ ᠶᠠᠭᠰᠢᠷᠠᠳᠠᠯ᠎ᠠ ᠰᠠᠭᠤᠯᠴᠠᠵᠠᠢ᠃ ᠮᠠᠨ ᠤ ᠤᠯᠤᠰ ᠤᠨ ᠳᠠᠮᠢᠷᠴᠢᠨ ᠰᠢᠤᠢ ᡁᠢ ᠴᠦᠨ᠂ ᠳ᠋ᠸᠤ ᠳ᠋ᠠᠨ ᠵᠡᠷᠭᠡ ᠡᠮᠡᠭᠳᠡᠢ ᠶᠢᠨ ᠪᠤᠺᠰ ᠤᠨ ᠰᠢᠯᠢᠳᠡᠭ ᠲᠠᠮᠢᠷᠴᠢᠳ ᠠᠳᠠᠯᠢ ᠪᠤᠰᠤ ᠶᠢᠨ ᠲᠡᠰ ᠤᠨ ᠰᠢᠢᠳᠪᠤᠷᠢᠳᠤ ᠤᠷᠤᠯᠳᠤᠭᠠᠨ ᠳᠤ ᠣᠷᠣᠯᠴᠠᠬᠤ ᠡᠷᠭᠡ ᠶᠢ ᠪᠤᠯᠢᠶᠠᠯᠳᠤᠬᠤ ᠪᠤᠯᠤᠬᠰᠠᠨ ᠨᠢ ᠲᠡᠳᠡᠨᠡᠷ ᠤᠨ ᠠᠩᠬᠠᠷᠤᠯ ᠢ ᠡᠷᠭᠡ ᠦᠭᠡᠢ ᠲᠠᠳᠠᠬᠰᠠᠨ ᠪᠠᠶᠢᠯ᠎ᠠ᠃ ᠡᠭᠦᠨ ᠳᠤ ᠡᠮᠡᠭᠳᠡᠢ ᠶᠢᠨ ᠪᠤᠺᠰ ᠤᠨ 64 — 69 ᠺᠢᠯᠣᠭ᠍ᠷᠡᠮ ᠤᠨ ᠲᠡᠰ ᠤᠨ ᠤᠷᠤᠯᠳᠤᠭᠠᠨ ᠳᠤ ᠣᠷᠣᠯᠴᠠᠬᠤ ᠳᠠᠮᠢᠷᠴᠢᠨ ᠳ᠋ᠸᠤ ᠳ᠋ᠠᠨ ᠪᠤᠯ ᠮᠠᠨ ᠤ ᠣᠷᠣᠨ ᠤ ᠪᠠᠶᠠᠨᠨᠠᠭᠤᠷ ᠬᠤᠳᠠ ᠳᠤ ᠨᠤᠳᠤᠬᠳᠠᠢ᠂ ᠦᠪᠤᠷ ᠮᠤᠩᠭᠤᠯ ᠤᠨ ᠡᠮᠡᠭᠳᠡᠢ ᠶᠢᠨ ᠪᠤᠺᠰ ᠤᠨ ᠠᠩᠭᠢ ᠶᠢᠨ ᠲᠠᠮᠢᠷᠴᠢᠨ ᠪᠤᠯᠤᠨ᠎ᠠ᠃ 

22 ᠤᠨ ᠡᠳᠦᠷ ᠤᠨ ᠤᠷᠤᠢ ᠶᠠᠪᠤᠬᠳᠠᠬᠰᠠᠨ ᠡᠮᠡᠭᠳᠡᠢ ᠶᠢᠨ ᠪᠣᠺᠰ ᠤᠨ 64 — 69 ᠺᠢᠯᠣᠭ᠍ᠷᠡᠮ ᠤᠨ ᠲᠡᠰ ᠤᠨ ᠬᠠᠭᠠᠰ ᠰᠢᠢᠳᠪᠤᠷᠢᠳᠤ ᠤᠷᠤᠯᠳᠤᠭᠠᠨ ᠳᠤ ᠣᠷᠣᠯᠴᠠᠬᠤ ᠡᠷᠭᠡ ᠶᠢ ᠪᠤᠯᠢᠶᠠᠯᠳᠤᠬᠤ ᠲᠡᠮᠡᠴᠡᠭᠡᠨ ᠳᠤ ᠳ᠋ᠸᠤ ᠳ᠋ᠠᠨ 5᠄ 0 ᠤᠨ ᠬᠠᠷᠢᠴᠠᠯᠠᠰᠢᠭᠦᠢ ᠳᠠᠪᠠᠭᠤᠯᠢᠭ ᠢᠶᠠᠷ ᠪᠷᠡᠽᠢᠯ ᠤᠨ ᠲᠠᠮᠢᠷᠴᠢᠨ ᠢ ᠢᠯᠡᠵᠦ ᠬᠠᠭᠠᠰ ᠰᠢᠢᠳᠪᠤᠷᠢᠳᠤ ᠤᠷᠤᠯᠳᠤᠭᠠᠨ ᠳᠤ ᠣᠷᠣᠯᠴᠠᠬᠤ ᠡᠷᠭᠡ ᠶᠢ ᠤᠯᠣᠭᠰᠠᠨ ᠪᠠᠶᠢᠪᠠ᠃ ᠡᠨᠡ ᠡᠳᠦᠷ ᠤᠨ ᠤᠷᠤᠯᠳᠤᠭᠠᠨ ᠳᠤ ᠲᠡᠭᠦᠨ ᠲᠠᠢ ᠬᠠᠷᠭᠤᠬᠰᠠᠨ ᠺᠠᠽᠠᠬᠰᠲ᠋ᠠᠨ ᠤ ᠲᠠᠮᠢᠷᠴᠢᠨ ᠪᠤᠯ ᠮᠦᠨ ᠴᠤ ᠲᠡᠯᠡᠭᠡᠢ ᠶᠢᠨ ᠪᠤᠺᠰ ᠤᠨ ᠲᠠᠪᠴᠠᠩ ᠳᠡᠭᠡᠷᠡᠬᠢ ᠬᠠᠰᠢᠷ ᠭᠠᠷ ᠪᠤᠯᠬᠤᠷ ᠳ᠋ᠸᠤ ᠳ᠋ᠠᠨ ᠤ ᠤᠷᠤᠯᠳᠤᠭᠠᠨ ᠤ ᠲᠠᠯᠠᠪᠠᠢ ᠳᠠᠬᠢ ᠳᠠᠭᠠᠷᠢᠯᠳᠠ ᠬᠢᠭᠡᠳ ᠰᠡᠷᠭᠡᠶᠢᠯᠡᠯᠳᠡ ᠨᠢ ᠴᠤ ᠨᠡᠩ ᠴᠢᠩᠭᠠᠷᠠᠬᠰᠠᠨ ᠪᠠᠶᠢᠯ᠎ᠠ᠃ 3 ᠨᠣᠭᠤᠯᠤᠭ᠎ᠠ ᠤᠷᠤᠯᠳᠤᠭᠠᠨ ᠤ ᠳ᠋ᠦᠡᠭ ᠳᠤ᠂ ᠳ᠋ᠸᠤ ᠳ᠋ᠠᠨ 3᠄ 2 ᠤᠨ ᠬᠠᠷᠢᠴᠠᠯ ᠢᠶᠠᠷ ᠡᠰᠡᠷᠭᠦ ᠡᠳᠡᠭᠡᠳ ᠢᠶᠠᠨ ᠢᠯᠡᠵᠦ ᠰᠢᠢᠳᠪᠤᠷᠢᠳᠤ ᠤᠷᠤᠯᠳᠤᠭᠠᠨ ᠳᠤ ᠣᠷᠣᠯᠴᠠᠬᠤ ᠡᠷᠭᠡ ᠶᠢ ᠤᠯᠵᠦ᠂ ᠲᠠᠯᠠᠪᠠᠢ ᠲᠦᠭᠦᠷᠡᠩ ᠰᠠᠭᠤᠯᠴᠠᠭᠰᠠᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠬᠢᠭᠡᠳ ᠤᠤᠬᠠᠢᠢᠯᠠᠯ ᠬᠠᠰᠭᠢᠷᠤᠯ ᠤᠨ ᠲᠤᠮᠳᠠ ᠣᠷᠣᠯᠳᠣᠭᠠᠨ ᠤ ᠲᠠᠯᠠᠪᠠᠢ ᠠᠴᠠ ᠰᠠᠯᠵᠣ ᠶᠠᠪᠣᠪᠠ᠃ ᠡᠨᠡ ᠳᠠᠯᠠᠪᠠᠢ ᠣᠷᠣᠯᠳᠣᠭᠠᠨ ᠳᠤ ᠢᠯᠠᠯᠳᠠ ᠣᠯᠣᠭᠰᠠᠨ ᠳ᠋ᠸᠤ ᠳ᠋ᠠᠨ 25 ᠤ ᠦᠳᠡ ᠶᠢᠨ ᠬᠤᠶᠢᠨ᠎ᠠ ᠰᠤᠯᠤᠩᠭᠤᠰ ᠤᠨ ᠲᠠᠮᠢᠷᠴᠢᠨ ᠲᠠᠢ ᠡᠮᠡᠭᠳᠡᠢ ᠶᠢᠨ ᠪᠤᠺᠰ ᠤᠨ 64 — 69 ᠺᠢᠯᠣᠭ᠍ᠷᠡᠮ ᠤᠨ ᠲᠡᠰ ᠤᠨ ᠠᠯᠳᠠᠨ ᠮᠧᠳᠠᠯ ᠢ ᠪᠣᠯᠢᠶᠠᠯᠳᠣᠬᠤ ᠪᠤᠯᠤᠨ᠎ᠠ᠃ 

ᠨᠢᠭᠤᠷ ᠲᠦᠭᠦᠷᠡᠩ ᠬᠦᠯᠦᠰᠦ ᠠᠰᠬᠠᠷᠠᠭᠤᠯᠤᠨ ᠤᠷᠤᠯᠳᠤᠭᠠᠨ ᠤ ᠳᠠᠪᠴᠠᠩ ᠠᠴᠠ ᠪᠠᠭᠤᠵᠦ ᠢᠷᠡᠭᠰᠡᠨ ᠳ᠋ᠸᠤ ᠳ᠋ᠠᠨ ᠰᠤᠷᠪᠤᠯᠵᠢᠯᠠᠬᠴᠢ ᠳᠤ ᠬᠤᠶᠠᠷ ᠲᠠᠯᠠᠪᠠᠢ ᠤᠷᠣᠯᠳᠣᠭᠠᠨ ᠤ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠳᠤ᠄ 《ᠣᠳᠣᠬᠠᠨ ᠳᠤ ᠪᠠᠭ᠋ᠠᠨ ᠶᠠᠳᠠᠷᠠᠭ᠎ᠠ ᠲᠠᠢ ᠪᠠᠶᠢᠨ᠎ᠠ᠂ ᠬᠤᠶᠠᠷ ᠡᠳᠦᠷ ᠤᠨ ᠴᠠᠭ ᠢ ᠠᠰᠢᠬᠯᠠᠨ ᠳᠠᠮᠢᠷ ᠳᠡᠩᠬᠡᠭᠡ ᠪᠢᠷ᠎ᠠ ᠴᠢᠳᠠᠯ ᠳᠠᠭᠠᠨ ᠲᠤᠬᠢᠷᠠᠭᠤᠯᠤᠯᠳᠠ ᠬᠢᠵᠦ᠂ ᠰᠢᠢᠳᠪᠤᠷᠢᠳᠤ ᠤᠷᠤᠯᠳᠤᠭᠠᠨ ᠤ ᠢᠯᠠᠯᠳᠠ ᠶᠢ ᠪᠦᠭᠦ ᠬᠦᠴᠦᠨ ᠢᠶᠠᠷ ᠢᠶᠠᠨ ᠲᠡᠮᠡᠴᠡᠵᠦ ᠠᠯᠳᠠᠨ ᠮᠧᠳᠠᠯ ᠣᠯᠬᠤ ᠪᠠᠷ ᠴᠢᠷᠮᠠᠶᠢᠨ᠎ᠠ᠂ ᠤᠴᠢᠷ ᠨᠢ ᠪᠢᠳᠠ ᠲᠤᠮᠳᠠᠳᠤ ᠤᠯᠤᠰ ᠲᠤ ᠤᠷᠤᠯᠳᠤᠵᠦ ᠪᠠᠶᠢᠨ᠎ᠠ》 ᠭᠡᠵᠦ ᠢᠳᠡᠭᠡᠯ ᠳᠡᠭᠦᠯᠳᠡᠷ ᠬᠡᠯᠡᠨ᠎ᠡ᠃ 

10 ᠰᠠᠷ᠎ᠠ ᠶᠢᠨ 3 ᠠᠴᠠ 13 ᠤ ᠡᠳᠦᠷ ᠪᠤᠯᠳᠠᠯ᠎ᠠ ᠤᠷᠤᠰ ᠤᠨ ᠤᠯᠠᠭᠠᠨ ᠡᠭᠦᠳᠡ ᠳᠤ ᠶᠠᠪᠤᠬᠳᠠᠬᠰᠠᠨ 2019 ᠤᠨ ᠤ ᠲᠡᠯᠡᠭᠡᠢ ᠶᠢᠨ ᠡᠮᠡᠭᠳᠡᠢ ᠶᠢᠨ ᠪᠤᠺᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠡᠭᠡᠷ᠎ᠡ᠂ ᠲᠤᠮᠳᠠᠳᠤ ᠤᠯᠤᠰ ᠢ ᠲᠦᠯᠦᠭᠡᠯᠡᠨ ᠤᠷᠤᠯᠴᠠᠬᠰᠠᠨ ᠳ᠋ᠸᠤ ᠳ᠋ᠠᠨ ᠡᠮᠡᠭᠳᠡᠢ ᠶᠢᠨ 64 ᠺᠢᠯᠣᠭ᠍ᠷᠡᠮ ᠤᠨ ᠲᠡᠰ ᠲᠤ ᠮᠠᠩᠯᠠᠶᠢᠯᠠᠵᠦ᠂ 2018 ᠤᠨ ᠤ ᠲᠡᠯᠡᠭᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠲᠠᠷᠠᠭ᠎ᠠ ᠲᠡᠬᠢᠨᠳᠠ ᠠᠯᠳᠠᠨ ᠮᠧᠳᠠᠯ ᠭᠠᠷᠳᠠᠭᠰᠠᠨ ᠪᠢᠯᠡ᠃ 《ᠲᠡᠯᠡᠭᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠲᠠᠭᠤᠰᠤᠮᠠᠬᠴᠠ ᠴᠡᠷᠢᠭ ᠬᠦᠮᠦᠨ ᠤ ᠲᠠᠮᠢᠷ ᠤᠨ ᠴᠤᠬᠯᠠᠭᠠᠨ ᠪᠤᠯᠤᠬᠰᠠᠨ ᠪᠤᠯᠬᠤᠷ ᠳᠠᠮᠢᠷ ᠳᠡᠩᠬᠡᠭᠡ ᠪᠢᠷ᠎ᠠ ᠴᠢᠳᠠᠯ ᠢᠶᠠᠨ ᠲᠤᠬᠢᠷᠠᠭᠤᠯᠬᠤ ᠵᠠᠪ ᠳᠡᠮᠡᠢ ᠣᠯᠳᠠᠭᠰᠠᠨ ᠦᠭᠡᠢ᠂ ᠡᠶᠢᠮᠦ ᠠᠴᠠ ᠪᠠᠭ᠋ᠠᠨ ᠶᠠᠳᠠᠷᠠᠭ᠎ᠠ ᠲᠠᠢ ᠪᠠᠶᠢᠨ᠎ᠠ᠂ ᠭᠡᠪᠡᠴᠤ ᠡᠨᠡ ᠬᠤᠶᠠᠷ ᠣᠳᠠᠭ᠎ᠠ ᠶᠢᠨ ᠤᠷᠤᠯᠳᠤᠭᠠᠨ ᠴᠦᠮ ᠡᠨᠡ ᠵᠢᠯ ᠤᠨ ᠤᠷᠤᠯᠳᠤᠭᠠᠨ ᠤ ᠲᠦᠯᠦᠪᠯᠡᠭᠡ ᠳᠤ ᠪᠠᠶᠢᠬᠤ ᠪᠤᠯᠬᠤᠷ ᠪᠡᠯᠡᠳᠭᠡᠯ ᠲᠠᠢ ᠢᠷᠡᠭᠰᠡᠨ》 ᠭᠡᠵᠦ ᠳ᠋ᠸᠤ ᠳ᠋ᠠᠨ ᠰᠤᠷᠪᠤᠯᠵᠢᠯᠠᠬᠴᠢ ᠳᠤ ᠪᠠᠶᠢᠳᠠᠯ ᠢᠶᠠᠨ ᠲᠠᠨᠢᠯᠴᠠᠭᠤᠯᠣᠨ᠎ᠠ᠃ ( ᠶᠦᠸ᠋ᠸ᠋ ᠶᠢᠩ)








ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ