10 ᠰᠠᠷ᠎ᠠ ᠶᠢᠨ 25 ᠤ ᠦᠷᠯᠦᠭᠡ ᠶᠢᠨ 7᠄ 30 ᠲᠤ᠂ ᠲᠤᠬᠢᠶᠠᠨ ᠤ ᠫᠤᠤ ᠲᠤᠤᠭᠠᠷᠬᠤ ᠶᠢ ᠲᠠᠭᠠᠯᠳᠤᠨ᠂ ᠲᠤᠯᠤᠳᠤᠭᠠᠷ ᠬᠤᠭᠤᠴᠠᠭᠠᠨ ᠤ ᠲᠡᠯᠡᠭᠡᠢ ᠶᠢᠨ ᠴᠡᠷᠢᠭ ᠬᠦᠮᠦᠨ ᠤ ᠲᠠᠮᠢᠷ ᠤᠨ ᠴᠤᠬᠯᠠᠭᠠᠨ ᠤ ᠠᠯᠬᠤᠭ᠎ᠠ ᠤᠷᠤᠯᠳᠤᠭᠠᠨ ᠤ ᠡᠷᠡᠭᠳᠡᠢ ᠡᠮᠡᠭᠳᠡᠢ ᠶᠢᠨ 20 ᠺᠢᠯᠣᠮᠧᠲᠷ ᠤᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠲᠠᠮᠢᠷᠴᠢᠳ ᠡᠭᠢᠯᠡᠯᠳᠡ ᠶᠢᠨ ᠴᠡᠭ ᠠᠴᠠ ᠮᠤᠷᠳᠠᠨ ᠭᠠᠷᠤᠯ᠎ᠠ᠃ ᠪᠦᠬᠦ ᠤᠯᠤᠰ ᠤᠨ ᠪᠠ ᠲᠡᠯᠡᠭᠡᠢ ᠶᠢᠨ ᠠᠯᠬᠤᠭ᠎ᠠ ᠤᠷᠤᠯᠳᠤᠭᠠᠨ ᠳᠤ ᠤᠯᠠᠨ ᠣᠳᠠᠭ᠎ᠠ ᠣᠷᠣᠯᠴᠠᠵᠣ ᠪᠠᠶᠢᠭ᠎ᠠ ᠦᠪᠤᠷ ᠮᠤᠩᠭᠤᠯ ᠤᠨ ᠲᠠᠮᠢᠷᠴᠢᠨ ᠶᠠᠩ ᠵᠢᠶᠠ ᠢᠤᠢ᠂ ᠰᠢᠤᠢ ᠬᠤᠤ ᠶᠢ ᠦᠷᠭᠡᠨ ᠤᠯᠠᠨ ᠦᠵᠡᠭᠴᠢ ᠪᠠ ᠰᠤᠨᠢᠨ ᠮᠡᠳᠡᠭᠡᠨ ᠤ ᠡᠳᠡᠭᠡᠳ ᠤᠨ ᠬᠢᠨ ᠠᠯᠢ ᠬᠡᠲᠦ᠋ᠢᠨ ᠠᠩᠬᠠᠷᠤᠯ ᠳᠠᠭᠠᠨ ᠠᠪᠴᠤ᠂ ᠤᠤᠬᠠᠢᠢᠯᠠᠨ ᠬᠠᠰᠬᠢᠷᠴᠤ ᠤᠷᠮ᠎ᠠ ᠬᠦᠴᠦ ᠨᠡᠮᠡᠨ᠎ᠠ᠃

ᠡᠨᠡ ᠵᠢᠯ 23 ᠨᠠᠰᠤᠳᠠᠢ ᠦᠬᠠᠢ ᠨᠣᠳᠣᠭᠳᠠᠢ ᠶᠠᠩ ᠵᠢᠶᠠ ᠢᠤᠢ ᠬᠠᠷᠠᠬᠠᠨ ᠪᠠᠭ᠎ᠠ ᠠᠴᠠ ᠪᠠᠨ ᠲᠠᠮᠢᠷ ᠤᠨ ᠬᠦᠳᠡᠯᠭᠡᠭᠡᠨ ᠳᠤ ᠲᠤᠷ᠎ᠠ ᠪᠠᠬ᠎ᠠ ᠲᠠᠢ ᠮᠦᠷᠳᠡᠭᠡᠨ ᠪᠡᠶ᠎ᠠ ᠮᠠᠬᠠᠪᠤᠳ ᠤᠨ ᠨᠦᠭᠦᠴᠡᠯ ᠨᠢ ᠨᠡᠯᠢᠶᠡᠳ ᠰᠠᠶᠢᠨ ᠪᠣᠯᠬᠤᠷ᠂ ᠲᠠᠮᠢᠷ ᠤᠨ ᠪᠠᠭᠰᠢ ᠨᠢ ᠲᠡᠭᠦᠨ ᠢ ᠠᠯᠬᠤᠭ᠎ᠠ ᠤᠷᠤᠯᠳᠤᠭᠠᠨ ᠤ ᠮᠡᠷᠭᠡᠵᠢᠯ ᠪᠤᠯᠪᠠᠰᠤᠷᠠᠪᠠᠯ ᠲᠤᠬᠢᠷᠠᠨ᠎ᠠ ᠭᠡᠵᠦ ᠦᠵᠡᠭᠡᠳ ᠠᠯᠬᠤᠭ᠎ᠠ ᠤᠷᠤᠯᠳᠤᠭᠠᠨ ᠤ ᠰᠤᠷᠭᠠᠭᠴᠢ ᠳᠤ ᠲᠠᠨᠢᠯᠴᠠᠭᠤᠯᠤᠨ ᠦᠭᠭᠦᠭᠰᠡᠨ ᠪᠠᠶᠢᠪᠠ᠃ ᠠᠷᠪᠠᠭᠠᠳ ᠨᠠᠰᠤᠨ ᠠᠴᠠ ᠪᠠᠨ ᠠᠯᠬᠤᠭ᠎ᠠ ᠤᠷᠤᠯᠳᠤᠭᠠᠨ ᠤ ᠮᠡᠷᠭᠡᠵᠢᠯ ᠪᠤᠯᠪᠠᠰᠤᠷᠠᠭᠰᠠᠨ ᠲᠡᠷᠡ ᠭᠡᠲᠦᠨ ᠵᠢᠯ ᠪᠤᠯᠤᠯ ᠦᠭᠡᠢ ᠤᠷ᠎ᠠ ᠮᠡᠷᠭᠡᠵᠢᠯ ᠢᠶᠠᠷ ᠢᠶᠠᠨ ᠤᠯᠠᠨ ᠠᠴᠠ ᠬᠡᠲᠦ᠋ᠢᠳᠴᠤ᠂ ᠲᠤᠮᠳᠠᠳᠤ ᠤᠯᠤᠰ ᠤᠨ ᠡᠮᠡᠭᠳᠡᠢ ᠶᠢᠨ ᠠᠯᠬᠤᠭ᠎ᠠ ᠤᠷᠤᠯᠳᠤᠭᠠᠨ ᠤ ᠳᠠᠮᠢᠷᠴᠢᠳ ᠤᠨ ᠳᠣᠳᠣᠷᠠᠬᠢ ᠬᠤᠰᠢᠭᠤᠴᠢ ᠪᠤᠯᠵᠠᠢ᠃ 2017 ᠤᠨ ᠠᠴᠠ ᠡᠭᠢᠯᠡᠵᠦ᠂ ᠶᠠᠩ ᠵᠢᠶᠠ ᠢᠤᠢ ᠴᠦ ᠪᠠᠭᠰᠢ ᠪᠣᠯᠣᠨ ᠰᠣᠷᠭᠠᠭᠴᠢ ᠶᠢᠨ ᠢᠶᠠᠨ ᠬᠦᠰᠡᠯ ᠢ ᠬᠦᠰᠡᠷᠳᠡᠭᠦᠯᠦᠯ ᠦᠭᠡᠢ ᠲᠡᠯᠡᠭᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠦᠭᠦ ᠤᠯᠤᠰ ᠤᠨ ᠲᠠᠮᠢᠷ ᠤᠨ ᠴᠤᠬᠯᠠᠭᠠᠨ ᠪᠠ ᠠᠽᠢᠶ᠎ᠠ ᠶᠢᠨ ᠲᠠᠮᠢᠷ ᠤᠨ ᠴᠤᠬᠯᠠᠭᠠᠨ ᠳᠡᠭᠡᠷ᠎ᠡ ᠴᠦᠮ ᠠᠯᠳᠠᠨ ᠮᠧᠳᠠᠯ ᠢᠶᠠᠷ ᠡᠩᠭᠡᠷ ᠢᠶᠠᠨ ᠮᠢᠯᠢᠶᠠᠯᠭᠠᠭᠰᠠᠨ ᠶᠤᠮ᠃

2017 ᠤᠨ ᠤ 8 ᠰᠠᠷ᠎ᠠ ᠳᠤ ᠠᠩᠭ᠍ᠯᠢ ᠶᠢᠨ ᠯᠤᠨᠳᠤᠨ ᠬᠤᠳᠠ ᠳᠤ ᠶᠠᠪᠤᠬᠳᠠᠬᠰᠠᠨ ᠲᠡᠯᠡᠭᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠡᠭᠡᠷ᠎ᠡ᠂ ᠶᠠᠩ ᠵᠢᠶᠠ ᠢᠤᠢ 1 ᠴᠠᠬ 26 ᠮᠢᠨᠦ᠋ᠲ ᠤᠨ ᠬᠢᠷᠢ ᠪᠦᠲᠦᠮᠵᠢ ᠪᠠᠷ ᠲᠦᠷᠦᠭᠦᠯᠡᠵᠦ᠂ 2018 ᠤᠨ ᠳᠤ ᠢᠨᠳᠤᠨᠧᠰᠢᠶ᠎ᠠ ᠶᠢᠨ ᠵᠠᠺᠠᠷᠲ᠋ᠠ ᠳᠤ ᠶᠠᠪᠤᠬᠳᠠᠬᠰᠠᠨ ᠠᠽᠢᠶ᠎ᠠ ᠶᠢᠨ ᠲᠠᠮᠢᠷ ᠤᠨ ᠴᠤᠬᠯᠠᠭᠠᠨ ᠳᠡᠭᠡᠷ᠎ᠡ 1 ᠴᠠᠬ 29 ᠮᠢᠨᠦ᠋ᠲ 15 ᠰᠧᠺᠦ᠋ᠨ᠋ᠲ ᠤᠨ ᠬᠢᠷᠢ ᠪᠦᠲᠦᠮᠵᠢ ᠪᠠᠷ ᠠᠽᠢᠶ᠎ᠠ ᠶᠢᠨ ᠮᠠᠩᠯᠠᠢ ᠪᠣᠯᠵᠠᠢ᠃ ᠪᠦᠬᠦ ᠤᠯᠤᠰ ᠴᠢᠨᠠᠬᠰᠢᠯᠠᠨ ᠲᠡᠯᠡᠭᠡᠢ ᠶᠢᠨ ᠤᠷᠤᠯᠳᠤᠭᠠᠨ ᠳᠤ ᠣᠯᠠᠨ ᠣᠳᠠᠭ᠎ᠠ ᠮᠠᠩᠯᠠᠶᠢᠯᠠᠬᠰᠠᠨ ᠶᠠᠩ ᠵᠢᠶᠠ ᠢᠤᠢ ᠡᠨᠡ ᠣᠳᠠᠭ᠎ᠠ ᠶᠢᠨ ᠣᠷᠣᠯᠳᠣᠭᠠᠨ ᠳᠡᠭᠡᠷ᠎ᠡ ᠴᠦ ᠮᠡᠷᠭᠡᠵᠢᠯ ᠴᠢᠳᠠᠪᠣᠷᠢ ᠪᠠᠨ ᠲᠤᠬᠳᠠᠭᠤᠨ ᠢᠶᠠᠷ ᠪᠠᠳᠠᠷᠠᠭᠤᠯᠵᠦ᠂ ᠤᠯᠠᠨ ᠤ ᠬᠦᠰᠡᠯ ᠢ ᠬᠦᠰᠡᠷᠳᠡᠭᠦᠯᠦᠭᠰᠡᠨ ᠦᠭᠡᠢ ᠪᠠᠰᠠ ᠨᠢᠭᠡ ᠠᠯᠳᠠᠨ ᠮᠧᠳᠠᠯ ᠰᠢᠭᠦᠷᠴᠡᠢ᠃ ᠲᠠᠮᠢᠷᠴᠢᠨ ᠪᠤᠯᠤᠬᠰᠠᠨ ᠲᠡᠭᠦᠨ ᠳᠤ ᠠᠮᠵᠢᠯᠳᠠ ᠳᠠᠭᠠᠨ ᠰᠤᠬᠳᠤᠭᠤᠷᠠᠵᠦ ᠠᠮᠤᠷ ᠰᠠᠭᠤᠵᠦ ᠵᠢᠷᠭᠠᠬᠤ ᠵᠠᠪ ᠠᠯᠠᠭ᠎ᠠ᠃ 《ᠤᠳᠠᠯ ᠦᠭᠡᠢ ᠬᠦᠷᠴᠤ ᠢᠷᠡᠭᠦ ᠡᠪᠤᠯ ᠤᠨ ᠪᠤᠯᠪᠠᠰᠤᠷᠠᠯ ᠳᠠᠭᠠᠨ ᠤᠷᠤᠰᠢᠵᠦ ᠪᠠᠶᠢᠭ᠎ᠠ ᠮᠡᠷᠭᠡᠵᠢᠯ ᠤᠨ ᠲᠠᠯ᠎ᠠ ᠶᠢᠨ ᠲᠤᠳᠠᠭᠤᠳᠠᠯ ᠢᠶᠠᠨ ᠨᠦᠭᠦᠪᠦᠷᠢᠯᠡᠵᠦ᠂ 2020 ᠤᠨ ᠤ ᠲᠤᠤᠺᠢᠣ᠋ ᠶᠢᠨ ᠤᠯᠢᠮᠫᠢᠺ ᠤᠨ ᠲᠠᠮᠢᠷ ᠤᠨ ᠴᠤᠬᠯᠠᠭᠠᠨ ᠳᠤ ᠣᠷᠣᠯᠴᠠᠬᠤ ᠪᠡᠯᠡᠳᠭᠡᠯ ᠢ ᠭᠦᠢᠴᠡᠳ ᠬᠢᠨ᠎ᠠ》 ᠭᠡᠵᠦ ᠲᠡᠷᠡ ᠬᠤᠶᠢᠰᠢᠳᠠ ᠶᠢᠨ ᠲᠦᠯᠦᠪᠯᠡᠭᠡ ᠪᠠᠨ ᠳᠠᠨᠢᠯᠴᠠᠭᠤᠯᠣᠨ᠎ᠠ᠃

ᠲᠡᠯᠡᠭᠡᠢ ᠶᠢᠨ ᠤᠷᠤᠯᠳᠤᠭᠠᠨ ᠳᠤ ᠤᠯᠠᠨᠳᠠ ᠤᠷᠤᠯᠴᠠᠭᠰᠠᠨ ᠲᠤᠷᠰᠢᠯᠭ᠎ᠠ ᠲᠠᠢ ᠶᠠᠩ ᠵᠢᠶᠠ ᠢᠤᠢ ᠶᠢ ᠪᠤᠳᠤᠪᠠᠯ᠂ ᠲᠡᠯᠡᠭᠡᠢ ᠶᠢᠨ ᠲᠡᠰ ᠤᠨ ᠤᠷᠤᠯᠳᠤᠭᠠᠨ ᠳᠤ ᠠᠩᠬ᠎ᠠ ᠤᠷᠤᠯᠴᠠᠵᠦ ᠪᠠᠶᠢᠭ᠎ᠠ ᠮᠠᠨ ᠤ ᠣᠷᠣᠨ ᠤ ᠣᠯᠠᠭᠠᠨᠴᠠᠪ ᠨᠣᠳᠣᠭᠳᠠᠢ ᠵᠠᠯᠠᠭᠤ ᠳᠠᠮᠢᠷᠴᠢᠨ ᠰᠢᠤᠢ ᠬᠤᠤ ᠶᠢᠨ ᠠᠯᠳᠠᠨ ᠮᠧᠳᠠᠯ ᠨᠢ ᠬᠦᠮᠦᠰ ᠲᠤ ᠰᠠᠨᠠᠬᠰᠠᠨ ᠠᠴᠠ ᠭᠠᠳᠠᠭᠤᠷ ᠪᠠᠶᠠᠷ ᠲᠤᠬᠳᠤᠯᠤᠯ ᠠᠪᠴᠢᠷᠠᠨ ᠦᠭᠴᠡᠢ᠃ ᠲᠡᠭᠦᠨ ᠢ 1 ᠴᠠᠭ 22 ᠮᠢᠨᠦ᠋ᠲ 18 ᠰᠧᠺᠦ᠋ᠨ᠋ᠲ ᠤᠨ ᠬᠢᠷᠢ ᠪᠦᠳᠦᠮᠵᠢ ᠪᠠᠷ ᠤᠷᠤᠯᠳᠤᠭᠠᠨ ᠤ ᠳᠡᠭᠦᠰᠭᠡᠯ ᠤᠨ ᠴᠡᠭ ᠢ ᠰᠢᠪᠳᠤᠯᠬᠤ ᠭᠱᠠᠨ ᠳᠤ ᠳᠡᠭᠦᠰᠭᠡᠯ ᠤᠨ ᠴᠡᠭ ᠲᠤ ᠬᠦᠯᠢᠶᠠᠵᠦ ᠪᠠᠶᠢᠭᠰᠠᠨ ᠡᠵᠢ ᠠᠪᠤ ᠨᠢ ᠬᠦᠤ ᠪᠠᠨ ᠬᠦᠵᠤᠭᠦᠳᠡᠨ ᠲᠡᠪᠡᠷᠢᠨ ᠠᠪᠣᠯ᠎ᠠ᠃ 《ᠦᠪᠤᠷ ᠮᠤᠩᠭᠤᠯ ᠤᠨ ᠲᠠᠮᠢᠷᠴᠢᠨ ᠤ ᠬᠤᠪᠢ ᠪᠠᠷ ᠡᠭᠡ ᠤᠯᠤᠰ ᠢᠶᠠᠨ ᠲᠦᠯᠦᠭᠡᠯᠡᠨ᠂ ᠳᠣᠮᠳᠠᠳᠣ ᠣᠯᠣᠰ ᠤᠨ ᠠᠷᠠᠳ ᠤᠨ ᠴᠢᠯᠦᠭᠡᠯᠡᠬᠦ ᠴᠡᠷᠢᠭ ᠢ ᠲᠦᠯᠦᠭᠡᠯᠡᠨ ᠤᠷᠤᠯᠳᠤᠭᠠᠨ ᠳᠤ ᠤᠷᠤᠯᠴᠠᠬᠤ ᠦᠶ᠎ᠡ ᠳᠤ᠂ ᠦᠰᠴᠦ ᠲᠦᠷᠦᠭᠰᠡᠨ ᠦᠯᠦᠭᠡᠢ ᠨᠣᠳᠤᠭ᠂ ᠡᠯᠢᠭᠡᠨ ᠬᠠᠶᠢᠷᠠᠳᠣ ᠠᠨᠳᠠ ᠨᠦᠬᠦᠳ ᠪᠠᠭᠰᠢ ᠰᠣᠷᠭᠠᠭᠴᠢᠳ ᠮᠢᠨᠢ ᠨᠠᠳᠠᠳᠦ ᠠᠯᠳᠠᠨ ᠮᠧᠳᠠᠯ ᠠᠪᠬᠤ ᠬᠦᠰᠡᠯ ᠲᠠᠯᠪᠢᠵᠦ ᠪᠠᠶᠢᠬᠰᠠᠨ᠃ ᠡᠨᠡ ᠡᠳᠦᠷ ᠪᠢ ᠡᠨᠡ ᠬᠦᠰᠡᠯ ᠢ ᠨᠢ ᠬᠦᠰᠡᠷᠳᠡᠭᠦᠯᠦᠭᠰᠡᠨ ᠦᠭᠡᠢ᠂ ᠪᠢ ᠲᠤᠮᠳᠠᠳᠤ ᠤᠯᠤᠰ ᠤᠨ ᠴᠡᠷᠢᠭ ᠬᠦᠮᠦᠨ ᠤ ᠵᠤᠷᠢᠭ ᠰᠠᠨᠠᠭ᠎ᠠ ᠶᠢ ᠪᠠᠳᠠᠷᠠᠭᠤᠯᠵᠦ ᠴᠢᠳᠠᠯ᠎ᠠ ᠭᠡᠵᠦ ᠪᠤᠳᠤᠵᠦ ᠪᠠᠶᠢᠨ᠎ᠠ》 ᠭᠡᠵᠦ ᠰᠢᠤᠢ ᠬᠤᠤ ᠬᠡᠯᠡᠨ᠎ᠡ᠃

1999 ᠤᠨ ᠳᠤ ᠲᠦᠷᠦᠭᠰᠡᠨ ᠰᠢᠤᠢ ᠬᠤᠤ ᠨᠠᠰᠤ ᠪᠠᠭ᠎ᠠ ᠴᠤ ᠤᠯᠤᠰ ᠤᠨ ᠲᠤᠳᠤᠭᠠᠳᠤ ᠶᠢᠨ ᠡᠯ᠎ᠠ ᠵᠦᠢᠯ ᠤᠨ ᠤᠷᠤᠯᠳᠤᠭᠠᠨ ᠮᠦᠷᠦ᠋ᠢᠴᠡᠭᠡᠨ ᠳᠤ ᠨᠢᠭᠡᠨᠳᠡ ᠠᠷᠪᠠᠭᠠᠳ ᠤᠳᠠᠭ᠎ᠠ ᠤᠷᠤᠯᠴᠠᠵᠦ᠂ ᠣᠷ᠎ᠠ ᠮᠡᠷᠭᠡᠵᠢᠯ ᠢᠶᠠᠨ ᠲᠡᠭᠡᠭᠰᠢᠯᠡᠭᠦᠯᠵᠦ ᠶᠠᠪᠤᠬᠰᠠᠨ ᠪᠦᠭᠡᠳ ᠤᠷᠤᠯᠳᠤᠭᠠᠨ ᠤ ᠬᠢᠷᠢ ᠪᠦᠳᠤᠮᠵᠢ ᠨᠢ ᠶᠠᠪᠣᠬᠤ ᠳᠣᠳᠣᠮ ᠰᠠᠶᠢᠨ ᠪᠣᠯᠵᠣ ᠪᠣᠢ᠃ ᠲᠡᠷᠡ 2016 ᠤᠨ ᠤ ᠪᠦᠭᠦ ᠤᠯᠤᠰ ᠤᠨ ᠠᠯᠬᠤᠭ᠎ᠠ ᠤᠷᠤᠯᠳᠤᠭᠠᠨ ᠤ ᠱᠠᠩᠨᠠᠯᠳᠤ ᠣᠷᠣᠯᠳᠣᠭᠠᠨ ᠤ ᠡᠷᠡᠭᠳᠡᠢ ᠶᠢᠨ 10 ᠺᠢᠯᠣᠮᠧᠲᠷ ᠤᠨ ᠤᠷᠤᠯᠳᠤᠭᠠᠨ ᠳᠤ ᠮᠠᠩᠯᠠᠶᠢᠯᠠᠵᠦ᠂ 2017 ᠤᠨ ᠤ ᠪᠦᠭᠦ ᠤᠯᠤᠰ ᠤᠨ ᠠᠯᠬᠤᠭ᠎ᠠ ᠤᠷᠤᠯᠳᠤᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠷᠡᠭᠳᠡᠢ ᠶᠢᠨ 20 ᠺᠢᠯᠣᠮᠧᠲᠷ ᠤᠨ ᠪᠦᠯᠭᠦᠮ ᠤᠨ ᠤᠷᠤᠯᠳᠤᠭᠠᠨ ᠳᠤ ᠠᠯᠳᠠᠨ ᠮᠧᠳᠠᠯ ᠭᠠᠷᠳᠠᠵᠣ᠂ 2018 ᠤᠨ ᠤ ᠪᠦᠭᠦ ᠤᠯᠤᠰ ᠤᠨ ᠠᠯᠬᠤᠭ᠎ᠠ ᠤᠷᠤᠯᠳᠤᠭᠠᠨ ᠤ ᠱᠠᠩᠨᠡᠯᠳᠤ ᠣᠷᠣᠯᠳᠣᠭᠠᠨ ᠤ ᠡᠷᠡᠭᠳᠡᠢ ᠶᠢᠨ 30 ᠺᠢᠯᠣᠮᠧᠲᠷ ᠤᠨ ᠤᠷᠤᠯᠳᠤᠭᠠᠨ ᠳᠤ ᠲᠡᠳ᠋ᠯᠡᠭᠰᠡᠨ ᠪᠢᠯᠡ᠃

20 ᠤ ᠡᠳᠦᠷ ᠠᠴᠠ ᠨᠠᠭᠠᠰᠢ᠂ ᠮᠠᠨ ᠤ ᠣᠷᠣᠨ ᠤ ᠪᠠᠶᠠᠡᠨᠠᠭᠤᠷ ᠨᠤᠳᠤᠬᠳᠠᠢ ᠡᠮᠡᠭᠳᠡᠢ ᠪᠣᠺᠰ ᠤᠨ ᠳᠠᠮᠢᠷᠴᠢᠨ ᠳ᠋ᠸᠤ ᠳ᠋ᠠᠨ ᠨᠤᠭᠤᠯᠤᠭ᠎ᠠ ᠤᠷᠤᠯᠳᠤᠭᠠᠨ᠂ ᠬᠠᠭᠠᠰ ᠰᠢᠢᠳᠪᠤᠷᠢᠳᠤ ᠤᠷᠤᠯᠳᠤᠭᠠᠨ᠂ ᠰᠢᠢᠳᠪᠤᠷᠢᠳᠤ ᠤᠷᠤᠯᠳᠤᠭᠠᠨ ᠤ ᠭᠤᠷᠪᠠᠨ ᠲᠠᠯᠠᠪᠠᠢ ᠤᠷᠤᠯᠳᠤᠭᠠᠨ ᠢ ᠦᠩᠭᠡᠷᠡᠭᠡᠳ᠂ ᠡᠴᠦᠰ ᠲᠡᠭᠡᠨ 69 ᠺᠢᠯᠣᠭ᠍ᠷᠡᠮ ᠤᠨ ᠲᠡᠰ ᠤᠨ ᠠᠯᠳᠠᠨ ᠮᠧᠳᠠᠯ ᠳᠣᠰᠬᠤ ᠲᠠᠶᠢᠰᠠᠨ ᠳᠤ ᠵᠤᠭᠰᠤᠯ᠎ᠠ᠃ ᠤᠯᠢᠮᠫᠢᠺ ᠤᠨ ᠳᠠᠮᠢᠷ ᠤᠨ ᠴᠣᠭᠯᠠᠭᠠᠨ ᠳᠤ ᠡᠮᠡᠭᠳᠡᠢ ᠶᠢᠨ ᠪᠣᠺᠰ ᠤᠨ 64 ᠺᠢᠯᠣᠭ᠍ᠷᠡᠮ ᠤᠨ ᠲᠡᠰ ᠤᠨ ᠤᠷᠤᠯᠳᠤᠭᠠᠨ ᠦᠭᠡᠢ ᠪᠤᠯᠬᠤᠷ᠂ ᠲᠡᠷᠡ ᠤᠯᠢᠮᠫᠢᠺ ᠤᠨ ᠳᠠᠮᠢᠷ ᠤᠨ ᠴᠣᠭᠯᠠᠭᠠᠨ ᠤ 69 ᠺᠢᠯᠣᠭ᠍ᠷᠡᠮ ᠤᠨ ᠳᠡᠰ ᠤᠨ ᠤᠷᠤᠯᠳᠤᠭᠠᠨ ᠳᠤ ᠤᠷᠤᠯᠴᠠᠬᠤ ᠪᠠᠷ ᠪᠦᠭᠦ ᠲᠠᠯ᠎ᠠ ᠶᠢᠨ ᠪᠡᠯᠡᠳᠭᠡᠯ ᠬᠢᠵᠦ ᠶᠠᠭᠠᠷᠠᠨ᠎ᠠ᠃ ᠪᠡᠯᠡᠳᠭᠡᠯ ᠲᠠᠢ ᠪᠤᠯ ᠪᠠᠯᠢᠳᠠᠬᠤ ᠦᠭᠡᠢ ᠬᠡᠳᠡᠭ ᠢᠶᠠᠷ᠂ ᠲᠡᠯᠡᠭᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠠ ᠲᠡᠯᠡᠭᠡᠢ ᠶᠢᠨ ᠴᠡᠷᠢᠭ ᠬᠦᠮᠦᠨ ᠤ ᠳᠠᠮᠢᠷ ᠤᠨ ᠴᠣᠭᠯᠠᠭᠠᠨ ᠬᠤᠶᠢᠨ᠎ᠠ ᠬᠤᠶᠢᠨ᠎ᠠ ᠠᠴᠠ ᠪᠠᠨ ᠶᠠᠪᠣᠭᠳᠠᠭᠰᠠᠨ ᠴᠤ ᠳ᠋ᠸᠤ ᠳ᠋ᠠᠨ ᠤ ᠬᠢᠷᠢ ᠪᠦᠲᠦᠮᠵᠢ ᠨᠢ ᠨᠦᠯᠦᠭᠡᠯᠡᠭᠳᠡᠭᠰᠨᠨ ᠦᠭᠡᠢ᠃

25 ᠤ ᠦᠳᠡ ᠶᠢᠨ ᠬᠤᠶᠢᠨ᠎ᠠ ᠶᠠᠪᠣᠭᠳᠠᠭᠰᠠᠨ ᠡᠷᠡᠭᠳᠡᠢ ᠡᠮᠡᠭᠳᠡᠢ ᠶᠢᠨ ᠪᠤᠺᠰ ᠤᠨ ᠡᠯ᠎ᠠ ᠲᠡᠰ ᠤᠨ ᠤᠷᠤᠯᠳᠤᠭᠠᠨ ᠳᠤ ᠮᠠᠨ ᠤ ᠤᠯᠤᠰ ᠤᠨ ᠲᠦᠷᠪᠡᠨ ᠲᠠᠮᠢᠷᠴᠢᠨ ᠠᠯᠳᠠᠨ ᠮᠧᠳᠠᠯ ᠭᠠᠷᠳᠠᠪᠠ᠂ ᠡᠨᠡ ᠨᠢ ᠤᠷᠤᠯᠳᠤᠭᠠᠨ ᠤ ᠲᠠᠯᠠᠪᠠᠢ ᠳᠠᠬᠢ ᠳ᠋ᠸᠤ ᠳ᠋ᠠᠨ ᠤ ᠰᠡᠳᠬᠢᠯ ᠤᠨ ᠲᠠᠷᠤᠭᠠᠰᠦ ᠶᠢ ᠬᠦᠨᠳᠦᠷᠡᠭᠦᠯᠵᠡᠢ᠃ ᠭᠡᠪᠡᠴᠦ ᠳᠡᠷᠡ ᠳᠠᠷᠣᠯᠳᠠ ᠶᠢ ᠬᠦᠳᠡᠯᠭᠡᠬᠦ ᠬᠦᠴᠦᠨ ᠪᠣᠯᠭᠠᠵᠣ᠂ ᠡᠩ ᠤᠨ ᠦᠶ᠎ᠡ ᠶᠢᠨ ᠮᠡᠷᠭᠡᠵᠢᠯ ᠴᠢᠳᠠᠪᠣᠷᠢ ᠪᠠᠨ ᠪᠦᠷᠢᠨ ᠪᠠᠳᠠᠷᠠᠭᠤᠯᠵᠣ᠂ ᠠᠯᠳᠠᠨ ᠮᠧᠳᠠᠯ ᠠᠪᠬᠤ ᠬᠠᠷᠠᠯᠳᠠ ᠳᠠᠭᠠᠨ ᠬᠦᠷᠴᠦ ᠴᠢᠳᠠᠵᠠᠢ᠃ 《ᠴᠡᠷᠢᠭ ᠬᠦᠮᠤᠨ ᠤ ᠲᠠᠮᠢᠷ ᠤᠨ ᠴᠤᠬᠯᠠᠭᠠᠨ ᠳᠤ ᠵᠠᠪᠠᠯ ᠴᠡᠷᠢᠭ ᠬᠦ᠋ᠮᠦᠨ ᠤ ᠴᠤᠬ ᠵᠢᠪᠬᠤᠭ᠎ᠠ ᠶᠢ ᠭᠠᠶᠢᠬᠠᠭᠤᠯᠬᠤ ᠬᠡᠷᠡᠭᠳᠡᠢ ᠭᠡᠵᠦ ᠪᠢ ᠪᠤᠳᠤᠳᠠᠬ᠃ ᠡᠨᠡ ᠡᠳᠦᠷ ᠤᠨ ᠤᠷᠤᠯᠳᠤᠭᠠᠨ ᠤ ᠬᠢᠷᠢ ᠪᠦᠲᠦᠮᠵᠢ ᠪᠤᠯ ᠡᠮᠦᠨᠡᠭᠢ ᠬᠤᠭᠤᠴᠠᠭᠠᠨ ᠤ ᠴᠢᠷᠮᠠᠶᠢᠯᠳᠠ ᠶᠢᠨ ᠦᠷ᠎ᠠ ᠳ᠋ᠦᠡᠭ ᠪᠣᠯᠣᠨ᠎ᠠ》 ᠭᠡᠵᠦ ᠳ᠋ᠸᠤ ᠳ᠋ᠠᠨ ᠰᠤᠷᠪᠤᠯᠵᠢᠯᠠᠬᠴᠢ ᠳᠤ ᠬᠡᠯᠡᠨ᠎ᠡ᠃

ᠴᠡᠷᠢᠭ ᠬᠦᠮᠦᠨ ᠪᠠ ᠲᠠᠮᠢᠷᠴᠢᠨ ᠬᠦᠮᠦᠨ ᠳᠤ ᠴᠦᠮ ᠲᠠᠰᠪᠤᠷᠢ ᠲᠡᠪᠴᠢᠶᠡᠷᠢ ᠲᠠᠢ ᠵᠠᠩ ᠴᠢᠨᠠᠷ ᠪᠠᠶᠢᠳᠠᠬ᠃ ᠲᠡᠳᠡᠨᠡᠷ ᠬᠦᠴᠢᠷ ᠠᠴᠠ ᠠᠶᠤᠳᠠᠭ ᠦᠭᠡᠢ᠂ ᠪᠡᠷᠬᠡᠰᠢᠶᠡᠯ ᠠᠴᠠ ᠰᠦᠷᠳᠡᠳᠡᠭ ᠦᠭᠡᠢ᠃ ᠴᠡᠷᠢᠭ ᠲᠠᠮᠢᠷᠴᠢᠨ ᠪᠤᠯᠤᠬᠰᠠᠨ ᠲᠡᠳᠡᠨᠡᠷ ᠡᠭᠡ ᠤᠯᠤᠰ ᠲᠠᠭᠠᠨ ᠶᠠᠪᠤᠬᠳᠠᠵᠦ ᠪᠠᠶᠢᠭ᠎ᠠ ᠴᠡᠷᠢᠭ ᠬᠦ᠋ᠮᠦᠨ ᠤ ᠲᠠᠮᠢᠷ ᠤᠨ ᠴᠤᠬᠯᠠᠭᠠᠨ ᠳᠡᠭᠡᠷ᠎ᠡ᠂ ᠤᠯᠤᠰ ᠤᠨ ᠲᠤᠭ ᠢᠶᠠᠨ ᠮᠠᠨᠳᠤᠭᠤᠯᠵᠦ ᠤᠯᠤᠰ ᠤᠨ ᠰᠦᠯᠳᠡ ᠲᠠᠭᠤᠤ ᠪᠠᠨ ᠲᠠᠭᠤᠯᠠᠬᠤ ᠶᠢᠨ ᠲᠦᠯᠦᠭᠡ᠂ ᠤᠷᠤᠯᠳᠤᠭᠠᠨ ᠤ ᠲᠠᠯᠠᠪᠤᠷ ᠲᠤ ᠬᠦᠯᠦᠰᠦ ᠪᠠᠨ ᠤᠷᠤᠰᠬᠠᠨ᠂ ᠲᠡᠯᠡᠭᠡᠢ ᠶᠢᠨ ᠳᠠᠪᠴᠠᠩ ᠳᠤ ᠠᠯᠳᠠᠷ ᠢᠶᠠᠨ ᠲᠠᠭᠤᠷᠢᠰᠬᠠᠯ᠎ᠠ᠃ ᠳᠡᠳᠡᠨᠡᠷ ᠪᠣᠯ ᠳᠣᠮᠳᠠᠳᠣ ᠣᠯᠣᠰ ᠤᠨ ᠣᠮᠣᠭᠰᠢᠯ᠂ ᠦᠪᠦᠷ ᠮᠣᠩᠭᠤᠯ ᠤᠨ ᠣᠮᠣᠭᠰᠢᠯ ᠡ︕( ᠶᠦᠸ᠋ᠸ᠋ ᠶᠢᠩ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ