99eb7d56-0f66-4eaf-bdd6-c25c23af2b7f.jpg

10 ᠰᠠᠷ᠎ᠠ ᠶᠢᠨ 24 — 27 ᠤ ᠡᠳᠦᠷ ᠪᠣᠯᠲᠠᠯ᠎ᠠ᠂ ᠬᠠᠶᠢᠯᠠᠷ ᠲᠠᠬᠢ ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠤᠨ ᠲᠦᠷᠭᠡᠨ ᠲᠡᠰᠢᠯᠲᠡ ᠶᠢᠨ ᠣᠷᠳᠣᠨ ᠳᠤ ᠶᠠᠪᠤᠭᠳᠠᠬᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠲᠦᠷᠭᠡᠨ ᠲᠡᠰᠢᠯᠲᠡ ᠶᠢᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠬᠢᠷᠢ ᠬᠡᠮ ᠤᠨ ᠤᠷᠤᠯᠳᠤᠭᠠᠨ ᠳᠤ ᠮᠠᠨ ᠤ ᠤᠷᠤᠨ ᠤ ᠲᠠᠮᠢᠷᠴᠢᠳ ᠤᠨ ᠢᠯᠠᠷᠠᠯ ᠰᠠᠶᠢᠨ ᠪᠠᠶᠢᠵᠥ᠂ ᠨᠡᠶᠢᠳᠠ 25 ᠲᠠᠮᠢᠷᠴᠢᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠠᠨ ᠪᠠᠶᠢᠨ᠎ᠠ᠃ 

ᠲᠤᠰ ᠤᠳᠠᠭ᠎ᠠ ᠶᠢᠨ ᠤᠷᠤᠯᠳᠤᠭᠠᠨ ᠳᠤ ᠪᠥᠬᠦ ᠤᠯᠤᠰ ᠤᠨ 26 ᠲᠥᠯᠥᠭᠡᠯᠡᠭᠴᠢ ᠶᠢᠨ ᠠᠩᠭᠢ ᠶᠢᠨ ᠨᠡᠶᠢᠳᠠ 394 ᠲᠠᠮᠢᠷᠴᠢᠨ ᠣᠷᠣᠯᠴᠠᠵᠥ ᠤᠷ᠎ᠠ ᠴᠢᠳᠠᠯ ᠢᠶᠠᠨ ᠰᠢᠯᠭᠠᠪᠠ᠃ ᠡᠷᠡᠭᠲᠡᠶ ᠡᠮᠡᠭᠲᠡᠶ ᠶᠢᠨ 500 ᠮᠧᠲᠷ᠂ ᠵᠠᠯᠠᠭᠤᠴᠤᠳ ᠤᠨ ᠡᠷᠡᠭᠳᠠᠢ ᠡᠮᠡᠭᠳᠠᠢ ᠶᠢᠨ 500 ᠮᠧᠲᠷ᠂ ᠡᠷᠡᠭᠲᠡᠶ ᠡᠮᠡᠭᠲᠡᠶ ᠶᠢᠨ 1000 ᠮᠧᠲᠷ᠂ ᠡᠷᠡᠭᠲᠡᠶ ᠡᠮᠡᠭᠲᠡᠶ ᠶᠢᠨ 1500 ᠮᠧᠲᠷ᠂ ᠵᠠᠯᠠᠭᠤᠴᠤᠳ ᠤᠨ ᠡᠷᠡᠭᠲᠡᠶ ᠡᠮᠡᠭᠲᠡᠶ ᠶᠢᠨ 1500 ᠮᠧᠲᠷ᠂ ᠡᠮᠡᠭᠲᠡᠶ ᠶᠢᠨ 3000 ᠮᠧᠲᠷ᠂ ᠵᠠᠯᠠᠭᠤᠴᠤᠳ ᠤᠨ ᠡᠮᠡᠭᠲᠡᠶ ᠶᠢᠨ 3000 ᠮᠧᠲᠷ᠂ ᠡᠷᠡᠭᠲᠡᠶ ᠶᠢᠨ 5000 ᠮᠧᠲᠷ᠂ ᠵᠠᠯᠠᠭᠤᠴᠤᠳ ᠤᠨ ᠡᠷᠡᠭᠲᠡᠶ ᠶᠢᠨ 5000 ᠮᠧᠲᠷ᠂ ᠡᠷᠡᠭᠲᠡᠶ ᠡᠮᠡᠭᠲᠡᠶ ᠶᠢᠨ ᠬᠠᠮᠲᠤ ᠨᠡᠶᠢᠳᠠ ᠶᠢᠨ ᠤᠷᠤᠯᠳᠤᠭᠠᠨ ᠵᠡᠷᠭᠡ 18 ᠤᠷᠤᠯᠳᠤᠭᠠᠨ ᠤ ᠲᠥᠷᠥᠯ ᠢ ᠶᠠᠪᠤᠬᠳᠠᠭᠤᠯᠵᠠᠢ᠃

10 ᠰᠠᠷ᠎ᠠ ᠶᠢᠨ 28 ᠤ ᠡᠳᠦᠷ᠂ ᠦᠪᠤᠷ ᠮᠤᠩᠭᠤᠯ ᠤᠨ ᠬᠠᠭᠤᠷᠠᠢ ᠳᠠᠬᠢ ᠮᠦᠰᠦᠨ ᠲᠠᠪᠤᠷ᠎ᠠ ᠶᠢᠨ ᠠᠩᠬᠢ ᠶᠢᠨ ᠲᠠᠮᠢᠷᠴᠢᠳ ᠦᠪᠤᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠬᠡᠵᠢᠯ ᠤᠨ ᠲᠡᠬᠡᠳᠤ ᠰᠤᠷᠭᠠᠭᠤᠯᠢ ᠳᠤ ᠰᠢᠷᠭᠠᠭᠤ ᠪᠤᠯᠪᠠᠰᠤᠷᠠᠵᠦ᠂ ᠤᠷᠤᠯᠳᠤᠭᠠᠨ ᠳᠤ ᠤᠷᠤᠯᠴᠠᠬᠤ ᠪᠠᠷ ᠢᠳᠡᠪᠬᠢᠲᠡᠢ ᠪᠡᠯᠡᠳᠭᠡᠨ᠎ᠡ᠃ ᠦᠪᠤᠷ ᠮᠤᠩᠭᠤᠯ ᠤᠨ ᠬᠠᠭᠤᠷᠠᠢ ᠳᠠᠬᠢ ᠮᠦᠰᠦᠨ ᠲᠠᠪᠤᠷ᠎ᠠ ᠶᠢᠨ ᠠᠩᠬᠢ ᠡᠨᠡ ᠵᠢᠯ ᠤᠨ 3 ᠰᠠᠷ᠎ᠠ ᠳᠤ ᠪᠠᠶᠢᠭᠤᠯᠤᠬᠳᠠᠵᠠᠢ᠂ ᠨᠡᠶᠢᠳᠡ 12 ᠲᠠᠮᠢᠷᠴᠢᠨ ᠲᠠᠢ᠂ ᠬᠠᠭᠠᠰ ᠵᠢᠯ ᠭᠠᠷᠤᠢ ᠶᠢᠨ ᠬᠠᠳᠠᠭᠤᠵᠢᠯᠳᠠᠢ ᠪᠤᠯᠪᠠᠰᠤᠷᠠᠯ ᠢᠶᠠᠷ ᠲᠠᠮᠵᠢᠨ᠂ ᠮᠦᠰᠦᠨ ᠲᠠᠪᠤᠷ᠎ᠠ ᠶᠢᠨ ᠠᠩᠬᠢ ᠡᠳᠤᠷ ᠢᠷᠡᠬᠦᠶ᠎ᠡ ᠪᠤᠯᠪᠠᠰᠤᠷᠠᠩᠭᠤᠢ ᠪᠤᠯᠵᠥ᠂ ᠡᠮᠡᠭᠳᠡᠢ ᠶᠢᠨ ᠠᠩᠬᠢ ᠨᠢ ᠡᠨᠡ ᠵᠢᠯ ᠤᠨ 9 ᠰᠠᠷ᠎ᠠ ᠳᠤ ᠶᠠᠪᠤᠭᠳᠠᠭᠰᠠᠠ ᠪᠡᠭᠡᠵᠢᠩ ᠲᠢᠶᠠᠨᠵᠢᠨ ᠡᡁᠧᠪᠸᠢ ᠶᠢᠨ ᠬᠠᠭᠤᠷᠠᠢ ᠳᠠᠬᠢ ᠮᠦᠰᠦᠨ ᠲᠠᠪᠤᠷ᠎ᠠ ᠶᠢᠨ ᠤᠷᠢᠯᠭ᠎ᠠ ᠶᠢᠨ ᠤᠷᠤᠯᠳᠤᠭᠠᠨ ᠳᠤ ᠮᠠᠩᠯᠠᠶᠢᠯᠠᠬᠰᠠᠠ ᠪᠠᠶᠢᠨ᠎ᠠ᠃ 

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ