ᠰᠢᠨᠬᠤᠧᠠ ᠬᠤᠷᠢᠶ᠎ᠠ   ᠪᠡᠬᠡᠵᠢᠩ ᠤᠨ 10 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠬᠡ   ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 28 ᠤ ᠡᠳᠤᠷ ᠵᠠᠷᠯᠠᠯ ᠳᠤ ᠭᠠᠷ ᠤᠨ ᠦᠰᠦᠭ ᠵᠢᠷᠤᠵᠥ᠂ ᠲᠤᠯᠤᠳᠤᠭᠠᠷ ᠬᠤᠭᠤᠴᠠᠭᠠᠨ ᠤ ᠲᠡᠯᠡᠬᠡᠢ ᠶᠢᠨ ᠴᠡᠷᠢᠭ ᠬᠦᠮᠥᠨ ᠤ ᠲᠠᠮᠢᠷ ᠤᠨ ᠴᠤᠭᠯᠠᠭᠠᠨ ᠳᠤ ᠤᠷᠤᠯᠴᠠᠭᠰᠠᠠ ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠤᠨ ᠪᠡᠶ᠎ᠡ ᠶᠢᠨ ᠲᠠᠮᠢᠷ ᠤᠨ ᠲᠦᠯᠥᠬᠡᠯᠡᠭᠴᠢᠳ ᠤᠨ ᠪᠦᠯᠬᠦᠮ ᠤᠨ ᠲᠠᠮᠢᠷᠴᠢᠨ᠂ ᠰᠤᠷᠭᠠᠭᠴᠢ ᠶᠢ ᠬᠦᠬᠢᠬᠦᠯᠤᠨ ᠰᠠᠶᠢᠰᠢᠶᠠᠪᠠ᠃

ᠬᠦᠬᠢᠬᠦᠯᠤᠨ ᠰᠠᠶᠢᠰᠢᠶᠠᠬᠤ ᠵᠠᠷᠯᠠᠯ ᠳᠤ᠂ ᠲᠠᠶᠠᠩ ᠲᠡᠯᠡᠬᠡᠢ ᠶᠢᠨ ᠠᠩᠬᠠᠷᠤᠯ ᠢ ᠲᠠᠳᠠᠭᠰᠠᠠ ᠲᠤᠯᠤᠳᠤᠭᠠᠷ ᠬᠤᠭᠤᠴᠠᠭᠠᠨ ᠤ ᠲᠡᠯᠡᠬᠡᠢ ᠶᠢᠨ ᠴᠡᠷᠢᠭ ᠬᠦᠮᠥᠨ ᠤ ᠲᠠᠮᠢᠷ ᠤᠨ ᠴᠤᠭᠯᠠᠭᠠᠨ ᠳᠤ᠂ ᠪᠦᠬᠦ ᠲᠠᠮᠢᠷᠴᠢᠨ᠂ ᠰᠤᠷᠭᠠᠬᠴᠢ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠶᠢᠨ ᠴᠡᠷᠢᠭ ᠠᠩᠬᠢ ᠶᠢᠨ ᠲᠠᠷᠤᠭ᠎ᠠ ᠪᠠᠶᠢᠯᠳᠤᠭᠴᠢᠳ ᠤᠨ ᠲᠦᠯᠥᠬᠡᠯᠡᠭᠴᠢ ᠪᠤᠯᠤᠭᠰᠠᠠ ᠤ ᠬᠤᠪᠢ ᠪᠠᠷ᠂ ᠤᠷᠤᠯᠳᠤᠭᠠᠨ ᠤ ᠲᠠᠯᠠᠪᠠᠢ ᠳᠤ ᠭᠠᠪᠰᠢᠭᠠᠢᠢᠯᠠᠵᠥ᠂ ᠦᠨᠳᠤᠷ ᠤᠷᠬᠢᠯ ᠳᠤ ᠵᠤᠷᠢᠬᠳᠡᠢ ᠠᠪᠠᠷᠢᠵᠥ᠂ ᠨᠦᠬᠦᠷᠯᠡᠯ ᠢ ᠤᠯᠠᠮᠵᠢᠯᠠᠵᠥ᠂ ᠡᠩᠬᠡ ᠲᠠᠶᠢᠪᠤᠩ ᠢ ᠬᠠᠮᠳᠤ ᠪᠠᠷ ᠴᠤᠭᠴᠠᠯᠠᠵᠥ᠂ ᠲᠠᠮᠢᠷ ᠤᠨ ᠬᠦᠳᠡᠯᠬᠡᠬᠡᠨ ᠤ ᠬᠢᠷᠢ ᠪᠦᠳᠦᠮᠵᠢ ᠪᠤᠯᠤᠨ ᠤᠶᠤᠨ ᠤ ᠪᠤᠯᠪᠠᠰᠤᠨ ᠤ ᠬᠤᠤᠰ ᠬᠤᠷᠢᠶᠡᠯᠳᠡ ᠤᠯᠵᠥ᠂ ᠡᠬᠡ ᠤᠯᠤᠰ ᠪᠤᠯᠤᠨ ᠠᠷᠠᠳ ᠲᠦᠮᠡᠨ ᠳᠡᠭᠡᠨ ᠢᠷᠠᠭᠤ ᠠᠯᠳᠠᠷ ᠤᠯᠭᠤᠵᠥ᠂ ᠤᠯᠤᠰ ᠤᠨ ᠲᠤᠭ ᠲᠤ ᠦᠩᠬᠡ ᠬᠡᠷᠡᠯ ᠨᠡᠮᠡᠷᠢᠯᠡᠵᠥ᠂ ᠴᠡᠷᠢᠭ ᠤᠨ ᠲᠤᠭ ᠲᠤ ᠦᠩᠬᠡ ᠬᠡᠷᠡᠯ ᠨᠡᠮᠡᠷᠢᠯᠡᠪᠡ︕ ᠲᠠᠨᠠᠷ ᠤᠨ ᠰᠢᠨᠳᠠᠷᠠᠰᠢ ᠦᠭᠡᠢ ᠭᠠᠷᠮᠠᠭᠠᠢ ᠢᠯᠡᠷᠡᠯ ᠨᠢ᠂ ᠮᠠᠨ ᠤ ᠴᠡᠷᠢᠭ ᠤᠨ ᠪᠡᠶ᠎ᠡ ᠶᠢᠨ ᠲᠠᠮᠢᠷ ᠤᠨ ᠡᠩᠨᠡᠭᠡ ᠪᠤᠯ ᠨᠠᠮ ᠤᠨ ᠵᠢᠯᠤᠭᠤᠳᠤᠯᠭ᠎ᠠ ᠶᠢ ᠲᠠᠭᠠᠳᠠᠬ᠂ ᠢᠯᠠᠭᠤᠬᠰᠠᠠ ᠲᠠᠶᠢᠨ ᠬᠢᠵᠥ ᠴᠢᠳᠠᠳᠠᠭ᠂ ᠰᠢᠯᠢᠳᠡᠭ ᠰᠠᠶᠢᠨ ᠰᠤᠷᠳᠠᠯ ᠲᠠᠢ ᠴᠠᠭᠠᠷᠠᠭᠰᠠᠠ ᠡᠩᠨᠡᠭᠡ ᠮᠥᠨ ᠬᠡᠳᠡᠭ ᠢ ᠲᠦᠪᠯᠡᠷᠡᠬᠦᠯᠥᠨ ᠢᠯᠡᠷᠡᠬᠦᠯᠵᠥ᠂ ᠦᠬᠡᠷᠡᠴᠢᠯᠡᠯᠳᠡ ᠬᠢᠵᠥ ᠴᠡᠷᠢᠭ ᠢ ᠬᠦᠴᠦᠷᠬᠡᠭᠵᠢᠬᠦᠯᠥᠭᠰᠡᠡ ᠰᠢᠨ᠎ᠡ ᠲᠦᠷᠢ ᠲᠦᠷᠬᠦ ᠰᠢᠨ᠎ᠡ ᠬᠤᠪᠢᠷᠡᠯᠳᠡ ᠰᠢᠨ᠎ᠡ ᠲᠦᠷᠰᠦ ᠪᠠᠶᠢᠳᠠᠯ ᠢ ᠬᠦᠢᠴᠡᠳ ᠦᠵᠡᠬᠦᠯᠵᠥ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠬᠡ ᠶᠢ ᠲᠦᠢᠯ ᠤᠨ ᠶᠡᠭᠡ ᠪᠠᠷ ᠬᠦᠭᠵᠢᠬᠡᠵᠥ᠂ ᠴᠡᠷᠢᠭ ᠤᠨ ᠤᠮᠤᠭ ᠰᠦᠷ ᠢ ᠮᠠᠨᠳᠤᠭᠤᠯᠵᠤ᠂ ᠬᠦᠴᠦᠷᠬᠡᠭ ᠶᠡᠭᠡ ᠬᠦᠴᠦᠨ ᠴᠢᠳᠠᠯ ᠢ ᠨᠢᠬᠳᠠᠷᠠᠭᠤᠯᠵᠥ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠲᠡᠮᠡᠴᠡᠨ ᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠢᠳᠡᠬᠡᠯ ᠵᠤᠷᠢᠭ ᠢ ᠤᠯᠠᠮ ᠪᠠᠳᠤᠳᠬᠠᠭᠰᠠᠠ ᠪᠠᠶᠢᠨ᠎ᠠ ᠬᠡᠵᠥ ᠵᠢᠭᠠᠵᠥ ᠭᠠᠷᠭᠠᠪᠠ᠃

ᠬᠦᠬᠢᠬᠦᠯᠤᠨ ᠰᠠᠶᠢᠰᠢᠶᠠᠬᠤ ᠵᠠᠷᠯᠠᠯ ᠳᠤ᠂ ᠲᠤᠮᠳᠠᠳᠤ ᠤᠯᠤᠰ ᠤᠨ ᠠᠩᠬᠢ ᠶᠢᠨ ᠲᠡᠯᠡᠬᠡᠢ ᠶᠢᠨ ᠴᠡᠷᠢᠭ ᠬᠦᠮᠥᠨ ᠤ ᠲᠠᠮᠢᠷ ᠤᠨ ᠴᠤᠭᠯᠠᠭᠠᠨ ᠳᠤ ᠤᠷᠤᠯᠳᠤᠭᠠᠨ ᠤ ᠬᠢᠷᠢ ᠪᠦᠳᠦᠮᠵᠢ ᠲᠡᠤᠬᠡᠳᠤ ᠴᠢᠨᠠᠷᠳᠠᠢ ᠰᠢᠪᠳᠤᠯᠤᠯᠳᠡ ᠲᠠᠢ ᠪᠤᠯᠤᠭᠰᠠᠠ ᠢ ᠪᠡᠶᠡᠯᠡᠬᠦᠯᠥᠭᠰᠡᠡ ᠶᠠᠪᠤᠳᠠᠯ ᠪᠤᠯ ᠴᠢᠯᠥᠬᠡᠯᠡᠬᠦ ᠴᠡᠷᠢᠭ ᠤᠨ ᠪᠡᠶ᠎ᠡ ᠶᠢᠨ ᠲᠠᠮᠢᠷ ᠤᠨ ᠲᠦᠯᠥᠬᠡᠯᠡᠭᠴᠢᠳ ᠤᠨ ᠪᠦᠯᠬᠦᠮ ᠨᠠᠮ ᠤᠨ ᠲᠦᠪ ᠬᠤᠷᠢᠶ᠎ᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠰᠢᠢᠳᠪᠤᠷᠢᠳᠤ ᠪᠤᠳᠤᠯᠭ᠎ᠠ ᠵᠢᠭᠠᠪᠤᠷᠢ ᠶᠢ ᠡᠷᠡᠰ ᠲᠤᠭᠤᠰᠢᠯᠠᠭᠤᠯᠵᠥ᠂ ᠡᠬᠦᠷᠬᠡ ᠬᠠᠷᠢᠭᠤᠴᠠᠯᠭ᠎ᠠ ᠬᠦᠰᠡᠯ ᠨᠡᠶᠢᠳᠡᠯᠭ᠎ᠠ ᠶᠢ ᠪᠠᠳᠤ ᠴᠡᠬᠡᠵᠢᠯᠡᠵᠥ᠂ ᠢᠳᠡᠪᠬᠢᠳᠡᠢ ᠪᠠᠷ ᠴᠡᠷᠢᠭ ᠪᠤᠯᠪᠠᠰᠤᠷᠠᠭᠤᠯᠵᠥ ᠲᠠᠶᠢᠨ ᠳᠤ ᠪᠡᠯᠡᠳᠬᠡᠵᠥ᠂ ᠬᠠᠮᠳᠤ ᠪᠠᠷ ᠠᠮᠢ ᠴᠦᠯᠡᠨ ᠲᠡᠮᠡᠴᠡᠭᠰᠡᠡ ᠤ ᠦᠷ᠎ᠡ ᠳ᠋ᠦᠩ ᠪᠤᠯᠤᠨ᠎ᠡ᠃ ᠤᠷᠤᠯᠳᠤᠭᠠᠨ ᠳᠤ ᠤᠷᠤᠯᠴᠠᠭᠰᠠᠠ ᠪᠦᠬᠦ ᠲᠠᠮᠢᠷᠴᠢᠨ᠂ ᠰᠤᠷᠭᠠᠭᠴᠢ ᠤᠷᠤᠯᠳᠤᠨ ᠦᠷᠢᠰᠦᠯᠳᠦᠵᠥ᠂ ᠰᠢᠯᠢᠳᠡᠭ ᠠᠮᠵᠢᠯᠳᠡ ᠭᠠᠷᠭᠠᠬᠤ ᠪᠠᠷ ᠴᠢᠷᠮᠡᠶᠢᠵᠥ᠂ ᠬᠠᠳᠠᠭᠤᠵᠢᠯᠳᠠᠢ ᠪᠤᠯᠪᠠᠰᠤᠷᠠᠵᠥ᠂ ᠦᠪᠡᠷ ᠪᠡᠶ᠎ᠡ ᠪᠠᠨ ᠲᠠᠪᠠᠵᠥ᠂ 《ᠤᠷᠤᠯᠳᠤᠭᠠᠨ ᠡᠷᠬᠢᠯᠡᠭᠰᠠᠠ ᠲᠦᠪᠰᠢᠨ ᠲᠡᠷᠢᠬᠦᠨ ᠵᠡᠷᠭᠡ ᠶᠢᠨ ᠪᠠᠶᠢᠬᠤ᠂ ᠤᠷᠤᠯᠳᠤᠭᠠᠨ ᠤ ᠬᠢᠷᠢ ᠪᠦᠳᠦᠮᠵᠢ ᠲᠡᠷᠢᠬᠦᠨ ᠵᠡᠷᠭᠡ ᠶᠢᠨ ᠪᠠᠶᠢᠬᠤ》 ᠬᠠᠷᠠᠯᠳᠡ ᠶᠢ ᠪᠡᠶᠡᠯᠡᠬᠦᠯᠬᠦ ᠳᠤ ᠲᠤᠪᠤᠶᠢᠮ᠎ᠠ ᠬᠤᠪᠢ ᠨᠡᠮᠡᠷᠢ ᠦᠵᠡᠬᠦᠯᠪᠡ᠃ ᠤᠷᠤᠯᠳᠤᠭᠠᠨ ᠳᠤ᠂ ᠲᠡᠨᠡᠷ ᠨᠠᠮ ᠤᠨ ᠵᠢᠯᠤᠭᠤᠳᠤᠯᠭ᠎ᠠ ᠶᠢ ᠲᠠᠭᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠵᠠᠩ ᠴᠢᠨᠠᠷ᠂ ᠡᠬᠡ ᠤᠯᠤᠰ ᠢᠶᠠᠨ ᠲᠡᠬᠡᠳᠤᠯᠡᠵᠥ᠂ ᠡᠬᠦᠷᠬᠡ ᠬᠠᠷᠢᠭᠤᠴᠠᠯᠭ᠎ᠠ ᠳᠠᠭᠠᠨ ᠦᠯᠥ ᠤᠰᠤᠯᠳᠤᠳᠠᠭ ᠬᠠᠷᠢᠭᠤᠴᠠᠯᠭ᠎ᠠ ᠡᠬᠦᠷᠬᠡᠯᠡᠯ᠂ ᠬᠦᠴᠦᠷᠬᠡᠭ ᠲᠠᠶᠢᠰᠤᠨ ᠠᠴᠠ ᠦᠯᠥ ᠰᠦᠷᠳᠡᠵᠥ᠂ ᠵᠤᠷᠢᠬᠳᠡᠢ ᠪᠠᠷ ᠤᠷᠤᠯᠳᠤᠳᠠᠭ ᠠᠮᠢ ᠴᠦᠯᠡᠨ ᠲᠡᠮᠡᠴᠡᠬᠦ ᠵᠤᠷᠢᠬ ᠰᠠᠨᠠᠭ᠎ᠠ᠂ ᠢᠷᠠᠭᠤ ᠠᠯᠳᠠᠷ ᠢ ᠡᠷᠬᠢᠮᠨᠡᠵᠥ᠂ ᠡᠩᠬᠡ ᠲᠠᠶᠢᠪᠤᠩ ᠢ ᠬᠠᠮᠠᠭᠠᠯᠠᠳᠠᠭ ᠦᠷᠳᠡᠭ ᠤᠨ ᠬᠦᠬᠡᠬᠡᠴᠡᠯᠳᠤᠯ᠂ ᠦᠷᠢᠰᠦᠯᠳᠦᠭᠴᠢ ᠪᠠᠨ ᠬᠦᠨᠳᠦᠳᠬᠡᠵᠥ᠂ ᠲᠦᠷᠢᠮ ᠲᠤᠭᠳᠠᠭᠠᠯ ᠢ ᠬᠦᠨᠳᠦᠳᠬᠡᠳᠡᠭ ᠤᠷᠤᠯᠳᠤᠭᠠᠨ ᠤ ᠬᠡᠪ ᠰᠤᠷᠳᠠᠯ ᠢ ᠢᠯᠡᠷᠡᠬᠦᠯᠵᠥ᠂ ᠮᠠᠨ ᠤ ᠴᠡᠷᠢᠭ ᠤᠨ ᠨᠢᠬᠡ ᠳᠤ ᠬᠦᠴᠢᠷ ᠠᠴᠠ ᠠᠶᠤᠬᠤ ᠦᠬᠡᠢ᠂ ᠬᠤᠶᠠᠷ ᠲᠤ ᠦᠬᠦᠬᠦ ᠠᠴᠠ ᠠᠶᠤᠬᠤ ᠦᠬᠡᠢ ᠪᠠᠶᠢᠳᠠᠭ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠡᠭᠤᠯᠵᠥ᠂ ᠪᠠᠭᠠᠳᠤᠷ ᠴᠡᠷᠢᠭ᠂ ᠪᠤᠯᠪᠠᠰᠤᠨ ᠴᠡᠷᠢᠭ᠂ ᠢᠯᠠᠭᠤᠭᠰᠠᠠ ᠴᠡᠷᠢᠭ ᠤᠨ ᠰᠠᠶᠢᠨ ᠰᠠᠶᠢᠬᠠᠨ ᠲᠦᠷᠢ ᠲᠦᠷᠬᠦ ᠶᠢ ᠢᠯᠡᠷᠡᠭᠦᠯᠵᠤ᠂ ᠰᠢᠨ᠎ᠡ ᠴᠠᠭ ᠦᠶ᠎ᠡ ᠶᠢᠨ ᠬᠤᠪᠢᠰᠬᠠᠯᠳᠤ ᠴᠡᠷᠢᠭ ᠤᠨ ᠰᠠᠶᠢᠨ ᠰᠠᠶᠢᠬᠠᠨ ᠲᠦᠷᠢ ᠲᠦᠷᠬᠦ ᠶᠢ ᠱᠤᠭᠤᠭᠰᠠᠠ ᠪᠠᠶᠢᠨ᠎ᠠ ᠬᠡᠵᠥ ᠵᠢᠭᠠᠵᠥ ᠭᠠᠷᠭᠠᠪᠠ᠃

ᠬᠦᠬᠢᠬᠦᠯᠤᠨ ᠰᠠᠶᠢᠰᠢᠶᠠᠬᠤ ᠵᠠᠷᠯᠠᠯ ᠳᠤ᠂ ᠪᠦᠬᠦ ᠲᠠᠮᠢᠷᠴᠢᠨ᠂ ᠰᠤᠷᠭᠠᠭᠴᠢ ᠢᠷᠠᠭᠤ ᠠᠯᠳᠠᠷ ᠢᠶᠠᠨ ᠨᠠᠨᠳᠢᠩᠨᠡᠵᠥ᠂ ᠪᠠᠷᠳᠠᠮᠨᠠᠬᠤ ᠦᠬᠡᠢ ᠪᠠᠴᠢᠮᠳᠠᠬᠤ ᠦᠬᠡᠢ ᠪᠠᠶᠢᠵᠥ᠂ ᠴᠢᠷᠮᠠᠶᠢᠬᠰᠠᠠ ᠲᠡᠬᠡᠷ᠎ᠡ ᠪᠠᠨ ᠴᠢᠷᠮᠡᠶᠢᠵᠥ᠂ ᠲᠠᠬᠢᠨᠳᠠ ᠬᠡᠷᠡᠯ ᠰᠠᠴᠤᠷᠠᠩᠭᠤᠢ ᠠᠮᠵᠢᠯᠳᠠ ᠶᠢ ᠡᠬᠦᠳᠬᠦ ᠬᠡᠷᠡᠭᠳᠡᠢ! ᠪᠦᠬᠦ ᠴᠡᠷᠢᠭ ᠠᠩᠬᠢ ᠪᠤᠯᠤᠨ ᠦᠷᠬᠡᠨ ᠤᠯᠠᠨ ᠲᠠᠷᠤᠭ᠎ᠠ ᠪᠠᠶᠢᠯᠳᠤᠬᠴᠢᠳ ᠲᠤᠯᠤᠳᠤᠭᠠᠷ ᠬᠤᠭᠤᠴᠠᠭᠠᠨ ᠤ ᠲᠡᠯᠡᠬᠡᠢ ᠶᠢᠨ ᠴᠡᠷᠢᠭ ᠬᠦᠮᠥᠨ ᠤ ᠲᠠᠮᠢᠷ ᠤᠨ ᠴᠤᠭᠯᠠᠭᠠᠨ ᠳᠤ ᠤᠷᠤᠯᠴᠠᠭᠰᠠᠠ ᠲᠠᠮᠢᠷᠴᠢᠨ᠂ ᠰᠤᠷᠭᠠᠭᠴᠢ ᠠᠴᠠ ᠰᠤᠷᠤᠯᠴᠠᠵᠥ᠂ ᠤᠭ ᠰᠠᠨᠠᠭ᠎ᠠ ᠪᠠᠨ ᠦᠯᠥ ᠮᠠᠷᠳᠠᠵᠥ᠂ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠵᠥ᠂ ᠲᠡᠮᠡᠴᠡᠯ ᠤᠨ ᠵᠤᠷᠢᠭ ᠢᠶᠠᠨ ᠬᠠᠳᠠᠭᠤᠵᠢᠭᠤᠯᠵᠥ᠂ ᠢᠯᠠᠯᠳᠡ ᠤᠯᠬᠤ ᠴᠢᠳᠠᠪᠤᠷᠢ ᠪᠠᠨ ᠲᠠᠪᠳᠠᠨ ᠪᠤᠯᠪᠠᠰᠤᠷᠠᠭᠤᠯᠬᠤ ᠬᠡᠷᠡᠭᠳᠡᠢ᠃ ᠡᠯ᠎ᠡ ᠱᠠᠳᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠥ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠬᠦᠨᠵᠡᠬᠡᠢ ᠲᠤᠭᠤᠰᠢᠯᠠᠭᠤᠯᠵᠥ᠂ 《ᠲᠦᠷᠪᠡᠨ ᠤᠬᠠᠮᠰᠠᠷ》 ᠢᠶᠠᠨ ᠴᠢᠩᠭᠠᠳᠬᠠᠵᠤ᠂ 《ᠲᠦᠷᠪᠡᠨ ᠢᠳᠡᠬᠡᠯ》 ᠢᠶᠠᠨ ᠪᠠᠳᠤᠳᠬᠠᠵᠥ᠂ 《ᠬᠤᠶᠠᠷ ᠢ ᠬᠠᠮᠠᠭᠠᠯᠠᠬᠤ》 ᠶ᠋ᠢ ᠪᠡᠶᠡᠯᠡᠬᠦᠯᠵᠥ᠂ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠬᠠᠷᠢᠭᠤᠴᠠᠬᠤ ᠲᠦᠷᠢᠮ ᠢ ᠲᠤᠭᠤᠰᠢᠯᠠᠭᠤᠯᠵᠥ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠦᠭᠡᠷᠡᠴᠢᠯᠡᠯᠳᠡ ᠪᠠᠷ ᠴᠡᠷᠢᠭ ᠢ ᠬᠦᠴᠦᠷᠬᠡᠭᠵᠢᠬᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠴᠡᠷᠢᠭ ᠢ ᠮᠠᠨᠳᠤᠭᠤᠯᠬᠤ᠂ ᠬᠠᠤᠯᠢ ᠪᠠᠷ ᠴᠡᠷᠢᠭ ᠢ ᠵᠠᠰᠠᠬᠤ ᠶᠢ ᠪᠠᠷᠢᠮᠳᠠᠯᠠᠵᠥ᠂ ᠬᠦᠴᠦ ᠪᠠᠨ ᠨᠢᠬᠳᠠᠷᠠᠭᠤᠯᠤᠨ ᠲᠠᠶᠢᠨ ᠳᠤ ᠪᠡᠯᠡᠳᠬᠡᠵᠥ᠂ ᠦᠬᠡᠷᠡᠴᠢᠯᠡᠯᠳᠡ ᠰᠢᠨᠡᠴᠢᠯᠡᠯᠳᠡ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠥ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠬᠦᠯᠬᠦ ᠬᠠᠷᠠᠯᠳᠠ ᠶᠢ ᠪᠡᠶᠡᠯᠡᠬᠦᠯᠬᠦ ᠶᠢᠨ ᠲᠦᠯᠥᠬᠡ᠂ ᠠᠷᠠᠳ ᠤᠨ ᠴᠡᠷᠢᠭ ᠠᠩᠬᠢ ᠶᠢ ᠲᠡᠯᠡᠬᠡᠢ ᠶᠢᠨ ᠲᠡᠷᠢᠬᠦᠨ ᠵᠡᠷᠬᠡ ᠶᠢᠨ ᠴᠡᠷᠢᠭ ᠠᠩᠬᠢ ᠪᠤᠯᠭᠠᠨ ᠪᠦᠬᠦ ᠲᠡᠯ᠎ᠡ ᠪᠠᠷ ᠪᠠᠶᠢᠭᠤᠯᠬᠤ ᠶᠢᠨ ᠲᠦᠯᠥᠬᠡ ᠴᠦᠬᠦᠷᠡᠰᠢ ᠦᠭᠡᠢ ᠴᠢᠷᠮᠡᠶᠢᠬᠤ ᠬᠡᠷᠡᠭᠳᠡᠢ ᠬᠡᠵᠥ ᠤᠷᠢᠶᠠᠯᠠᠪᠠ᠃


ᠢᠷᠡᠯᠳᠡ : 

ᠰᠢᠨᠬᠤᠸᠠ ᠬᠤᠷᠢᠶ᠎ᠠ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ