ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠠᠯᠳᠠ ᠶᠢᠨ ᠶᠤᠰᠤᠯᠠᠯ ᠤᠳᠠᠯ ᠥᠬᠡᠢ ᠮᠠᠨ ᠤ ᠤᠷᠤᠨ ᠳᠤ ᠶᠠᠪᠤᠬᠳᠠᠬᠤ ᠪᠤᠯᠤᠯ᠎ᠠ᠃ ᠮᠡᠳᠡᠭᠡᠵᠢ ᠪᠠᠷ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠠᠭᠤᠷ ᠠᠮᠢᠰᠬᠤᠯ ᠤᠨ ᠨᠥᠬᠦᠴᠡᠯ ᠳᠤ ᠮᠠᠰᠢ ᠥᠨᠳᠥᠷ ᠱᠠᠭᠠᠷᠳᠠᠯᠭ᠎ᠠ ᠲᠠᠢ ᠪᠠᠶᠢᠳᠠᠭ᠃ ᠡᠨᠡ ᠬᠦ ᠪᠠᠶᠢᠳᠠᠯ ᠳᠤ ᠴᠢᠭᠯᠡᠬᠦᠯᠥᠨ ᠮᠠᠨ ᠤ ᠤᠷᠤᠨ ᠤ ᠴᠠᠬ ᠠᠭᠤᠷ ᠤᠨ ᠲᠤᠪᠴᠢᠶ᠎ᠠ ᠶᠢᠨ ᠬᠤᠯᠪᠤᠬᠳᠠᠯ ᠪᠥᠬᠦᠢ ᠰᠠᠯᠠᠭ᠎ᠠ ᠮᠥᠴᠢᠷ 5 ᠤᠷᠤᠯᠳᠤᠭᠠᠨ ᠤ ᠲᠠᠯᠠᠪᠠᠢ ᠣᠷᠳᠣᠨ ᠳᠤ ᠨᠢᠭᠡᠨᠲᠡ 25 ᠢᠵᠢ ᠴᠠᠭ ᠠᠭᠤᠷ ᠤᠨ ᠠᠦ᠋ᠲ᠋ᠣ᠋ ᠡᠵᠡᠮᠰᠢᠯ ᠤᠨ ᠠᠵᠢᠬᠯᠠᠯᠳᠠ ᠶᠢᠨ ᠥᠷᠳᠡᠭᠡ ᠶᠢ ᠰᠢᠨ᠎ᠡ ᠪᠠᠷ ᠪᠠᠶᠢᠭᠤᠯᠤᠬᠰᠠᠨ ᠪᠠ ᠳᠡᠰ ᠳᠡᠪᠰᠢᠭᠦᠯᠤᠨ ᠰᠢᠨᠡᠳᠭᠡᠵᠥ᠂ ᠬᠡᠳᠤ ᠬᠥᠷᠡᠩ ᠰᠠᠴᠤᠷᠠᠬ ᠤᠨ ᠬᠥᠴᠥᠯᠠᠴᠠ ᠶᠢ ᠬᠡᠮᠵᠢᠬᠦ 5 ᠢᠵᠢ ᠪᠠᠲᠤ ᠴᠢᠩᠭ᠎ᠠ ᠠᠵᠢᠬᠯᠠᠯᠲᠠ ᠶᠢᠨ ᠪᠠᠭᠠᠵᠢ ᠤᠬᠰᠠᠷᠠᠨ ᠠᠰᠢᠬᠯᠠᠯᠳᠠ ᠳᠤ ᠤᠷᠤᠭᠤᠯᠤᠬᠰᠠᠨ ᠪᠠᠶᠢᠨ᠎ᠠ᠃ 

ᠣᠶᠢᠯᠠᠭᠠᠭᠰᠠᠨ ᠢᠶᠠᠷ᠂ ᠮᠠᠨ ᠤ ᠣᠷᠣᠨ ᠤ ᠭᠤᠷᠪᠠᠨ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠴᠥᠮ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠴᠠᠭ ᠠᠭᠤᠷ ᠤᠨ ᠦᠶ᠋ᠯᠡᠴᠢᠯᠡᠭᠡᠨ ᠤ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ 74 ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠲᠤᠬᠢᠷᠠᠭᠤᠯᠤᠨ᠂ ᠠᠷᠪᠠᠨ ᠳᠥᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠠᠬᠤᠢ ᠲᠠᠯᠠᠪᠠᠢ ᠶᠢᠨ ᠴᠠᠭ ᠠᠭᠤᠷ ᠤᠨ ᠦᠶ᠋ᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠪᠠ᠃ ᠭᠠᠮᠰᠢᠭ ᠤᠨ ᠴᠠᠭ ᠠᠭᠤᠷ ᠤᠨ ᠵᠠᠳᠠᠯᠤᠯᠲᠠ᠂ ᠴᠠᠰᠤ ᠮᠥᠰᠥᠳᠤ ᠥᠨᠳᠤᠷ ᠠᠭᠤᠯᠠ ᠪᠠ ᠠᠭᠤᠯᠠᠨ ᠲᠡᠭᠡᠷᠡᠬᠢ ᠪᠡᠶ᠎ᠠ ᠶᠢᠨ ᠲᠠᠮᠢᠷ ᠤᠨ ᠬᠥᠳᠡᠯᠭᠡᠭᠡᠨ ᠳᠤ ᠨᠥᠯᠥᠭᠡ ᠶᠡᠬᠡᠳᠠᠢ ᠴᠠᠬ ᠠᠭᠤᠷ ᠢ ᠤᠷᠢᠳᠴᠢᠯᠠᠨ ᠮᠡᠳᠡᠭᠡᠯᠡᠬᠦ ᠮᠡᠷᠭᠡᠵᠢᠯ ᠰᠤᠳᠤᠯᠭᠠᠨ ᠵᠡᠷᠭᠡ ᠴᠠᠭ ᠠᠭᠤᠷ ᠤᠨ ᠪᠠᠲᠤᠯᠠᠭ᠎ᠠ ᠶᠢᠨ ᠦᠶ᠋ᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ 56 ᠵᠦᠶ᠋ᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠲᠣᠭᠲᠠᠭᠠᠪᠠ᠃ ᠡᠳᠡᠭᠡᠷ ᠰᠤᠳᠤᠯᠭᠠᠨ ᠤ ᠲᠦᠷᠦᠯ ᠵᠦᠢᠯ ᠤᠨ ᠮᠡᠷᠭᠡᠵᠢᠯᠳᠠᠨ ᠡᠯ᠎ᠡ ᠲᠥᠷᠥᠯ ᠤᠨ ᠰᠣᠷᠢᠯᠲᠠ ᠶᠢᠨ ᠤᠷᠤᠯᠳᠤᠭᠠᠨ ᠤ ᠬᠤᠭᠤᠴᠠᠭᠠᠨ ᠳᠤ ᠴᠤ ᠤᠷᠤᠯᠳᠤᠭᠠᠨ ᠤ ᠠᠬᠤᠢ ᠲᠠᠯᠠᠪᠠᠢ ᠳᠤ ᠰᠠᠭᠤᠨ ᠥᠢᠯᠡᠴᠢᠯᠡᠭᠡ ᠬᠠᠨᠭ᠍ᠭᠠᠵᠥ ᠪᠤᠢ᠃ 

ᠡᠬᠦᠨ ᠠᠴᠠ ᠭᠠᠳᠠᠨ᠎ᠠ᠂ ᠴᠠᠭ ᠠᠭᠤᠷ ᠤᠨ ᠠᠵᠢᠬᠯᠠᠯᠳᠠ ᠶᠢᠨ ᠲᠠᠯ᠎ᠠ ᠪᠠᠷ ᠴᠠᠭ ᠠᠭᠤᠷ ᠤᠨ ᠰᠠᠯᠠᠭ᠎ᠠ ᠮᠥᠴᠢᠷ ᠨᠢ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠴᠠᠭ ᠠᠭᠤᠷ ᠤᠨ ᠬᠢᠨᠠᠨ ᠬᠡᠮᠵᠢᠯᠲᠡ ᠶᠢᠨ ᠲᠣᠤᠷ ᠢ ᠴᠢᠷᠮᠠᠶᠢᠨ ᠪᠠᠶᠢᠭᠤᠯᠵᠤ᠂ ᠤᠷᠤᠯᠳᠤᠭᠠᠨ ᠤ ᠲᠠᠯᠠᠪᠤᠷ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠴᠠᠭ ᠠᠭᠤᠷ ᠤᠨ ᠬᠤᠪᠢᠷᠠᠯᠳᠠ ᠶᠢᠨ ᠲᠤᠬᠠᠢ ᠥᠢᠯᠡᠴᠢᠯᠡᠭᠡ ᠶᠢᠨ ᠴᠠᠬ ᠬᠤᠭᠤᠴᠠᠭ᠎ᠠ ᠶᠢ ᠮᠢᠨᠦ᠋ᠲ ᠤᠨ ᠳᠡᠰ ᠲᠤ ᠬᠦᠷᠭᠡᠬᠦ ᠪᠠᠷ ᠴᠢᠷᠮᠠᠶᠢᠵᠥ ᠪᠤᠢ᠃ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠲᠠᠯ᠎ᠠ ᠪᠠᠷ᠂ ᠴᠠᠭ ᠤᠨ ᠳᠠᠷᠠᠭᠠᠯᠠᠯ ᠢᠶᠠᠷ ᠴᠠᠭ ᠠᠭᠤᠷ ᠤᠨ ᠡᠯᠧᠮᠧᠨ᠋ᠲ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠵᠥ ᠪᠤᠢ᠃ ᠴᠠᠭ ᠠᠭᠤᠷ ᠤᠨ ᠦᠶ᠋ᠯᠡᠴᠢᠯᠡᠭᠡᠨ ᠤ ᠲᠠᠯ᠎ᠠ ᠪᠠᠷ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠴᠢᠬᠤᠯᠠ ᠠᠵᠢᠯᠯᠠᠭ᠎ᠠ ᠳᠤ ᠴᠢᠭᠯᠡᠭᠦᠯᠦᠨ᠂ ᠠᠳᠠᠯᠢ ᠪᠤᠰᠤ ᠦᠶ᠋ᠯᠡᠴᠢᠯᠡᠬᠦ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠣᠯᠠᠨ ᠠᠷᠭ᠎ᠠ ᠪᠠᠷᠢᠯ᠂ ᠳᠡᠭᠡᠳᠤ ᠬᠤᠷᠳᠤᠴᠠ᠂ ᠥᠷᠭᠡᠨ ᠪᠦᠷᠬᠦᠴᠡᠳᠤ ᠴᠠᠭ ᠠᠭᠤᠷ ᠤᠨ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠪᠥᠷᠢᠯᠳᠥᠬᠦᠯᠵᠥ ᠪᠤᠢ᠃(ᠪᠤᠤ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ