d61397c8-3ab3-4ced-8c0b-044af83bf656.jpg

ᠲᠤᠮᠲᠠᠲᠤ ᠤᠯᠤᠰ ᠤᠨ ᠤᠬᠤᠷ ᠵᠠᠢ ᠶᠢᠨ ᠲᠦᠷᠭᠡᠨ ᠲᠡᠰᠢᠯᠲᠡ ᠶᠢᠨ ᠤᠯᠢᠮᠫᠢᠺ ᠤᠨ ᠠᠪᠤᠷᠭᠤ᠂ ᠪᠡᠭᠡᠵᠢᠩ ᠤᠨ ᠡᠪᠦᠯ ᠤᠨ ᠤᠯᠢᠮᠫᠢᠺ ᠤᠨ ᠵᠤᠬᠢᠶᠠᠨ ᠪᠠᠢᠭᠤᠯᠬᠤ ᠵᠦᠪᠯᠡᠯ ᠤᠨ ᠲᠠᠮᠢᠷᠴᠢᠳ ᠤᠨ ᠵᠦᠪᠯᠡᠯ ᠤᠨ ᠲᠡᠷᠢᠬᠦᠯᠡᠭᠴᠢ ᠶᠠᠩ ᠶᠠᠩ 7 ᠤ ᠡᠲᠦᠷ ᠲᠡᠯᠡᠬᠡᠢ ᠶᠢᠨ ᠰᠡᠷᠭᠦᠭᠡᠰᠢ ᠶᠢ ᠡᠰᠡᠷᠭᠦᠴᠡᠬᠦ ᠵᠤᠬᠢᠶᠠᠨ ᠪᠠᠢᠭᠤᠯᠤᠯᠲᠠ (WADA) ᠶ᠋ᠢᠨ ᠲᠡᠳ᠋ ᠲᠠᠷᠤᠭ᠎ᠠ ᠪᠡᠷ ᠰᠤᠩᠭᠤᠭᠲᠠᠪᠠ᠂ ᠫᠤᠯᠠᠨᠳ᠋ ᠤᠨ ᠪᠡᠶ᠎ᠡ ᠶᠢᠨ ᠲᠠᠮᠢᠷ ᠬᠢᠭᠡᠳ ᠠᠶᠠᠯᠠᠯ ᠵᠢᠭᠤᠯᠴᠢᠯᠠᠯ ᠤᠨ ᠶᠠᠮᠤᠨ ᠤ ᠰᠠᠢᠳ ᠸᠢᠲ᠋ᠤᠷᠲ ᠪᠠᠨᠼᠠ ᠲᠡᠷᠢᠬᠦᠯᠡᠭᠴᠢ ᠪᠡᠷ ᠰᠤᠩᠭᠤᠭᠲᠠᠪᠠ᠃ 2020 ᠤᠨ ᠤ 1 ᠰᠠᠷ᠎ᠠ ᠶᠢᠨ 1 ᠤ ᠡᠲᠦᠷ ᠡᠴᠡ ᠡᠬᠢᠯᠡᠨ ᠠᠯᠪᠠᠨ ᠶᠤᠰᠤᠭᠠᠷ ᠲᠤᠰᠢᠶᠠᠯ ᠳ᠋ᠤ ᠭᠠᠷᠤᠨ᠎ᠠ᠂ ᠲᠤᠰᠢᠶᠠᠯ ᠤᠨ ᠬᠤᠭᠤᠴᠠᠭ᠎ᠠ ᠭᠤᠷᠪᠠᠨ ᠵᠢᠯ᠃

ᠶᠠᠩ ᠶᠠᠩ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠦᠶ᠎ᠠ ᠪᠡᠷ᠂ ᠤᠯᠠᠨ ᠬᠦᠮᠦᠰ ᠤᠨ ᠲᠡᠮᠵᠢᠯᠭᠡ ᠪᠡᠷ ᠠᠵᠢᠯ ᠶᠢᠡᠨ ᠰᠠᠢᠨ ᠬᠢᠨ᠎ᠡ ᠭᠡᠲᠡᠭ ᠲᠤ ᠢᠲᠡᠭᠡᠵᠦ ᠪᠠᠢᠨ᠎ᠠ᠃ ᠨᠠᠮᠠᠶ᠋ᠢ ᠰᠤᠩᠭᠤᠵᠤ ᠪᠠᠢᠬᠤ ᠨᠢ ᠤᠯᠠᠨ ᠤᠯᠤᠰ ᠤᠨ ᠬᠢᠨ ᠲᠤᠮᠲᠠᠲᠤ ᠤᠯᠤᠰ ᠤᠨ ᠰᠡᠷᠭᠦᠭᠡᠰᠢ ᠶᠢ ᠡᠰᠡᠷᠭᠦᠴᠡᠬᠦ ᠠᠵᠢᠯ ᠤᠨ ᠠᠮᠵᠢᠯᠲᠠ ᠶᠢ ᠦᠨᠡᠯᠡᠵᠦ ᠪᠠᠢᠬᠤ ᠶᠢ ᠬᠠᠷᠠᠭᠤᠯᠵᠤ ᠪᠠᠢᠭ᠎ᠠ ᠶᠤᠮ ᠭᠡᠵᠡᠢ᠃

 ᠶᠠᠩ ᠶᠠᠩ 2002 ᠤᠨ ᠤ ᠲᠠᠪᠤᠰᠤᠨ ᠨᠠᠭᠤᠷ ᠬᠤᠲᠠ ᠶᠢᠨ ᠡᠪᠦᠯ ᠤᠨ ᠤᠯᠢᠮᠫᠢᠺ ᠤᠨ ᠲᠡᠮᠡᠴᠡᠭᠡᠨ ᠳ᠋ᠤ ᠠᠯᠲᠠ ᠠᠪᠴᠤ ᠲᠤᠮᠲᠠᠲᠤ ᠤᠯᠤᠰ ᠤᠨ ᠡᠪᠦᠯ ᠤᠨ ᠤᠯᠢᠮᠫᠢᠺ ᠤᠨ ᠬᠠᠮᠤᠭ ᠤᠨ ᠠᠩᠬᠠᠨ ᠤ ᠠᠯᠲᠠ ᠶᠢ ᠤᠯᠤᠭᠰᠠᠨ ᠪᠠᠢᠨ᠎ᠠ᠃ ᠲᠡᠷᠡ ᠪᠡᠷ 2010 ᠤᠨ ᠡᠴᠡ 2018 ᠤᠨ ᠤ ᠬᠤᠭᠤᠷᠤᠨᠲᠤ ᠤᠯᠠᠨ ᠤᠯᠤᠰ ᠤᠨ ᠤᠯᠢᠮᠫᠢᠺ ᠤᠨ ᠵᠦᠪᠯᠡᠯ ᠳ᠋ᠤ ᠭᠡᠰᠢᠬᠦᠨ ᠶᠢᠡᠷ ᠠᠵᠢᠯᠯᠠᠪᠠ᠃

ᠲᠡᠯᠡᠬᠡᠢ ᠶᠢᠨ ᠰᠡᠷᠭᠦᠭᠡᠰᠢ ᠶᠢ ᠡᠰᠡᠷᠬᠦᠴᠡᠬᠦ ᠵᠤᠬᠢᠶᠠᠨ ᠪᠠᠢᠭᠤᠯᠤᠯᠲᠠ ᠪᠤᠯ ᠭᠤᠤᠯᠲᠠᠭᠤ ᠲᠡᠯᠡᠬᠡᠢ ᠶᠢᠨ ᠰᠡᠷᠭᠦᠭᠡᠰᠢ ᠶᠢ ᠡᠰᠡᠷᠭᠦᠴᠡᠬᠦ ᠠᠵᠢᠯ ᠶᠠᠪᠤᠲᠠᠯ ᠢ ᠵᠤᠬᠢᠴᠠᠭᠤᠯᠤᠨ ᠬᠢᠨᠠᠯᠲᠠ ᠶᠠᠪᠤᠭᠤᠯᠤᠨ᠂ ᠡᠭᠦᠨ ᠤ ᠬᠤᠯᠪᠤᠭᠲᠠᠭᠰᠠᠨ ᠴᠤᠪᠤᠷᠠᠯ ᠪᠠᠷᠢᠮᠵᠢᠶ᠎ᠠ ᠶᠢ ᠲᠤᠭᠲᠠᠭᠠᠵᠤ᠂ ᠡᠯ᠎ᠡ ᠭᠠᠵᠠᠷ ᠤᠨ ᠰᠡᠷᠭᠦᠭᠡᠰᠢ ᠶᠢ ᠡᠰᠡᠷᠭᠦᠴᠡᠬᠦ ᠠᠵᠢᠯ ᠢ ᠵᠢᠯᠤᠭᠤᠲᠤᠨ ᠲᠦᠷᠢᠮᠵᠢᠬᠦᠯᠬᠦ ᠵᠡᠷᠭᠡ ᠠᠵᠢᠯ ᠢ ᠬᠦᠢᠴᠡᠳᠭᠡᠲᠡᠭ᠃

ᠢᠷᠡᠯᠳᠡ : 

 ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ