95897362-fe19-4c22-ad96-9e6fb15c1c83.jpg

11 ᠰᠠᠷ᠎ᠠ ᠶᠢᠨ 8 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠳᠤ ᠬᠦᠷᠴᠦ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠵᠠᠰᠠᠯᠳᠠ᠂ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠡ᠃

ᠪᠦ᠋ ᠰᠢᠶᠤᠤ ᠯᠢᠨ ᠲᠠᠭ᠎ᠠ ᠶᠢᠨ ᠨᠠᠭᠤᠷ ᠤᠨ ᠬᠤᠶᠢᠳᠤ ᠬᠦᠪᠡᠬᠡᠨ ᠳᠤ ᠬᠦᠷᠴᠦ᠂ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠤᠩᠬᠡᠶᠢᠯᠡᠨ ᠵᠠᠰᠠᠭᠰᠠᠠ ᠠᠮᠵᠢᠯᠳᠡ ᠪᠦᠳᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠥ᠂ ᠡᠯ᠎ᠡ ᠵᠦᠢᠯ ᠤᠨ ᠵᠠᠰᠠᠯᠳᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠬᠰᠠᠠ ᠪᠠᠶᠢᠳᠠᠯ ᠢ ᠤᠢᠢᠯᠠᠭᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠶᠡᠷᠤᠩᠬᠡᠢ ᠱᠦᠵᠢ ᠰᠢ ᠶᠢᠨ ᠫᠢᠩ ᠤᠨ 《ᠭᠤᠷᠪᠠᠨ ᠨᠠᠭᠤᠷ》 ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠥ᠂ ᠤᠯᠤᠰ ᠲᠦᠷᠦ ᠶᠢᠨ ᠵᠤᠭᠰᠤᠴᠠ ᠪᠠᠨ ᠴᠢᠨᠠᠬᠰᠢᠳᠠ ᠲᠡᠭᠡᠭᠰᠢᠯᠡᠬᠦᠯᠤᠨ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠵᠠᠰᠠᠯᠳᠠ ᠶᠢᠨ ᠴᠢᠬᠤᠯᠠ ᠴᠢᠨᠠᠷ᠂ ᠲᠤᠯᠭᠠᠮ ᠴᠢᠨᠠᠷ ᠢ ᠬᠦᠨᠵᠡᠬᠡᠢ ᠲᠠᠨᠢᠵᠥ᠂ ᠵᠠᠰᠠᠯᠳᠠ ᠶᠢᠨ ᠲᠦᠰᠦᠯ ᠤᠨ ᠨᠠᠶᠢᠳᠠᠪᠤᠷᠢᠵᠢᠭᠤᠯᠤᠯᠳᠠ ᠶᠢ ᠦᠨᠡᠨ ᠬᠦ ᠰᠠᠶᠢᠳᠤᠷ ᠠᠳᠬᠤᠬᠤ ᠬᠡᠷᠡᠭᠳᠡᠢ᠃ ᠪᠠᠶᠢᠭᠠᠯᠢ ᠶᠢᠨ ᠵᠢᠮ᠎ᠠ ᠶᠤᠰᠤ ᠪᠤᠯᠤᠨ ᠰᠢᠨᠵᠢᠯᠡᠬᠦ ᠤᠬᠠᠭᠠᠨ ᠤ ᠵᠢᠮ᠎ᠠ ᠶᠤᠰᠤ ᠶᠢ ᠬᠦᠨᠳᠦᠳᠬᠡᠨ᠂ ᠤᠳᠤᠬᠠᠨ ᠳᠤ ᠰᠠᠭᠤᠷᠢᠯᠠᠨ ᠠᠯᠤᠰ ᠬᠡᠳᠤ ᠶᠢ ᠪᠤᠳᠤᠯᠬᠢᠯᠠᠵᠥ᠂ ᠤᠰᠤᠨ ᠤ ᠴᠢᠨᠠᠷ ᠢ ᠰᠠᠶᠢᠵᠢᠷᠠᠭᠤᠯᠬᠤ᠂ ᠤᠰᠤᠨ ᠤ ᠬᠡᠮᠵᠢᠶ᠎ᠡ ᠶᠢ ᠨᠡᠮᠡᠭᠳᠡᠬᠦᠯᠬᠦ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠢ ᠲᠡᠭᠡᠭᠰᠢᠯᠡᠬᠦᠯᠬᠦ ᠲᠤᠭᠤᠷᠢᠨ ᠳᠤ ᠵᠠᠰᠠᠯᠳᠠ ᠶᠢᠨ ᠠᠵᠢᠯ ᠢ ᠰᠠᠶᠢᠳᠤᠷ ᠵᠤᠬᠢᠶᠠᠨ ᠪᠠᠶᠢᠭᠤᠯᠤᠨ ᠬᠡᠷᠡᠭᠵᠢᠬᠦᠯᠵᠥ᠂ ᠵᠠᠰᠠᠯᠳᠠ ᠶᠢᠨ ᠶᠠᠪᠤᠴᠠ ᠳᠠᠬᠢ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠰᠠᠶᠢᠳᠤᠷ ᠰᠤᠳᠤᠯᠤᠨ ᠰᠢᠢᠳᠪᠤᠷᠢᠯᠡᠵᠥ᠂ ᠵᠠᠰᠠᠯᠳᠠ ᠶᠢᠨ ᠠᠵᠢᠯ ᠤᠨ ᠤᠷᠤᠭᠰᠢᠳᠠᠢ ᠶᠠᠪᠤᠭᠲᠠᠵᠤ ᠪᠤᠳᠠᠳᠠᠢ ᠦᠷ᠎ᠡ ᠪᠦᠳᠦᠮᠵᠢ ᠤᠯᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃

ᠲᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠨᠠᠯᠠᠯᠳᠠ ᠶᠢᠨ ᠲᠠᠯᠠᠪᠠᠢ ᠳᠤ᠂ ᠪᠦ᠋ ᠰᠢᠶᠤᠤ ᠯᠢᠨ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠵᠥ᠂ ᠤᠷᠤᠯᠳᠤᠭᠠᠨ ᠤ ᠵᠠᠮ ᠢ ᠦᠬᠡᠷᠡᠴᠢᠯᠡᠬᠦ᠂ ᠵᠤᠬᠢᠶᠠᠮᠠᠯ ᠴᠠᠰᠤ ᠦᠢᠯᠡᠳᠬᠦ ᠢᠨᠵᠧᠨᠧᠷᠢᠩ ᠤᠨ ᠬᠡᠷᠡᠭᠵᠢᠬᠦᠯᠥᠯᠳᠡ ᠪᠤᠯᠤᠨ ᠤᠷᠤᠯᠳᠤᠭᠠᠨ ᠤ ᠪᠠᠭᠠᠵᠢ ᠬᠡᠷᠡᠭᠰᠡᠯ ᠢ ᠬᠤᠳᠠᠯᠳᠤᠨ ᠤᠷᠤᠭᠤᠯᠬᠤ ᠵᠡᠷᠬᠡ ᠪᠠᠶᠢᠳᠠᠯ ᠢ ᠨᠠᠷᠢᠨ ᠤᠢᠯᠠᠭᠠᠪᠠ᠃ ᠲᠡᠷᠡ᠂ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠳᠡᠯ᠎ᠡ 100 ᠡᠳᠤᠷ ᠪᠠᠶᠢᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠤᠷᠤᠯᠳᠤᠭᠠᠨ ᠤ ᠲᠤᠭᠤᠷᠢᠭ ᠤᠨ ᠬᠢᠨ ᠬᠠᠷᠢᠭᠤᠴᠠᠯᠭ᠎ᠠ ᠪᠠᠨ ᠤᠯᠠᠮ ᠪᠤᠳᠠᠳᠠᠶᠢᠵᠢᠭᠤᠯᠵᠥ᠂ ᠨᠢᠬᠳᠠ ᠬᠠᠮᠵᠢᠯᠴᠠᠨ᠂ ᠡᠯ᠎ᠡ ᠵᠦᠢᠯ ᠤᠨ ᠡᠬᠦᠷᠬᠡ ᠳᠤ ᠠᠩᠬᠠᠷᠤᠯ ᠢᠶᠠᠨ ᠲᠦᠪᠯᠡᠷᠡᠬᠦᠯᠵᠥ᠂ ᠴᠠᠭ ᠤᠨ ᠬᠦᠰᠦᠨᠦᠭ ᠢ ᠲᠤᠩᠭᠤᠷᠠᠭᠤᠯᠤᠨ ᠲᠤᠬᠢᠷᠠᠭᠤᠯᠵᠥ᠂ ᠪᠡᠯᠡᠳᠬᠡᠯ ᠠᠵᠢᠯ ᠢ ᠪᠠᠴᠢᠮ ᠶᠠᠭᠠᠷᠠᠯᠳᠠᠢ ᠡᠮᠬᠢ ᠵᠢᠷᠤᠮ ᠲᠠᠢ ᠪᠠᠷ ᠰᠠᠶᠢᠳᠤᠷ ᠠᠳᠬᠤᠬᠤ ᠬᠡᠷᠡᠭᠳᠡᠢ᠃ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠥ᠂ ᠤᠷᠤᠯᠳᠤᠭᠠᠨ ᠢ ᠵᠤᠬᠢᠶᠠᠨ ᠪᠠᠶᠢᠭᠤᠯᠬᠤ᠂ ᠰᠤᠨᠢᠨ ᠮᠡᠳᠡᠬᠡᠨ ᠤ ᠤᠬᠠᠭᠤᠯᠭ᠎ᠠ ᠬᠢᠬᠦ᠂ ᠦᠢᠯᠡᠴᠢᠯᠡᠬᠡᠨ ᠤ ᠪᠠᠳᠤᠯᠠᠭ᠎ᠠ ᠬᠠᠩᠭᠠᠬᠤ ᠵᠡᠷᠬᠡ ᠠᠵᠢᠯ ᠢ ᠨᠢᠬᠡᠳᠤᠯᠳᠡᠢ ᠲᠦᠯᠥᠪᠵᠢᠬᠦᠯᠥᠨ ᠰᠠᠶᠢᠳᠤᠷ ᠬᠢᠵᠥ᠂ ᠲᠤᠰ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠦᠪᠡᠷᠮᠢᠴᠡ ᠤᠨᠴᠠᠯᠢᠭ ᠲᠠᠢ᠂ ᠦᠨᠳᠤᠷ ᠲᠦᠪᠰᠢᠨ ᠲᠠᠢ ᠪᠠᠷ ᠡᠷᠬᠢᠯᠡᠬᠦ ᠬᠡᠷᠡᠭᠳᠡᠢ ᠬᠡᠵᠥ ᠴᠢᠬᠤᠯᠠᠴᠢᠯᠠᠪᠠ᠃ 

ᠯᠢᠶᠠᠩᠴᠧᠩ ᠳᠤ ᠪᠠᠶᠢᠬᠤ ᠬᠤᠭᠤᠴᠠᠭᠠᠨ ᠳᠠᠭᠠᠨ ᠪᠦ᠋ ᠰᠢᠶᠤᠤ ᠯᠢᠨ ᠪᠠᠰᠠ ᠦᠪᠤᠷ ᠮᠤᠩᠭᠤᠯ ᠤᠨ ᠬᠤᠩ ᠮᠤᠤ ᠬᠢᠵᠠᠭᠠᠷᠳᠤ ᠺᠤᠮᠫᠠᠨᠢ ᠳᠤ ᠬᠦᠷᠴᠤ ᠪᠠᠶᠢᠴᠠᠭᠠᠨ ᠰᠤᠳᠤᠯᠵᠠᠢ᠃

ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠡ ᠬᠢᠬᠦ ᠳᠤ ᠤᠷᠤᠯᠴᠠᠪᠠ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ