ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠷᠥᠯ ᠵᠦᠶ᠋ᠯ ᠲᠠᠢ ᠪᠥᠬᠦ ᠲᠠᠯ᠎ᠠ ᠪᠠᠷ ᠵᠤᠯᠭᠠᠯᠴᠠᠭᠤᠯᠵᠥ᠂ ᠪᠥᠬᠦ ᠤᠷᠤᠯᠳᠤᠭᠠᠨ ᠤ ᠲᠥᠷᠥᠯ ᠨᠢ ᠠᠩᠬ᠎ᠠ ᠤᠳᠠᠭ᠎ᠠ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠷᠥᠯ ᠵᠦᠶ᠋ᠯ ᠢ ᠪᠥᠬᠦᠨ ᠢ ᠬᠠᠮᠤᠷᠤᠭᠰᠠᠨ ᠪᠠᠶᠢᠨ᠎ᠠ᠃ 

2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠪᠥᠬᠦ ᠤᠯᠤᠰ ᠤᠨ ᠬᠡᠪᠴᠢᠶᠡᠨ ᠳᠠᠬᠢ ᠬᠠᠮᠤᠭ ᠦᠨᠳᠤᠷ ᠲᠡᠰ ᠤᠨ ᠡᠪᠦᠯ ᠤᠨ ᠤᠯᠠᠷᠢᠯ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠲᠠᠮᠢᠷ ᠤᠨ ᠴᠤᠭᠯᠠᠭᠠᠨ ᠪᠣᠯᠤᠭᠰᠠᠨ ᠤ ᠬᠤᠪᠢ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠤᠷᠤᠯᠳᠤᠭᠠᠨ ᠤ ᠲᠥᠷᠥᠯ ᠵᠦᠢᠯ ᠤᠨ ᠲᠣᠬᠢᠷᠠᠭᠤᠯᠤᠯᠲᠠ ᠵᠢᠴᠢ ᠤᠷᠤᠯᠳᠤᠭᠠᠨ ᠤ ᠭᠠᠵᠠᠷ ᠤᠨ ᠲᠤᠨᠤᠬ ᠲᠥᠬᠦᠭᠡᠷᠦᠮᠵᠢ ᠵᠡᠷᠭᠡ ᠡᠯ᠎ᠡ ᠲᠠᠯ᠎ᠠ ᠪᠠᠷ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠲᠠᠢ ᠪᠥᠬᠦ ᠲᠠᠯ᠎ᠠ ᠪᠠᠷ ᠨᠢᠭᠡᠳᠦᠯᠲᠡᠶ ᠪᠠᠶᠢᠬᠤ ᠶᠢ ᠪᠠᠷᠢᠮᠳᠠᠯᠠᠵᠥ᠂ ᠤᠯᠤᠰ ᠤᠨ ᠳᠣᠲᠣᠭᠠᠳᠤ ᠶᠢᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠤᠷᠢᠭ᠎ᠠ ᠪᠤᠯᠪᠠᠰᠤᠷᠠᠯ ᠤᠨ ᠲᠠᠯᠠᠪᠤᠷ ᠪᠠᠶᠢᠬᠰᠠᠨ ᠠᠴᠠ ᠪᠠᠨ ᠪᠤᠳᠠᠳᠤ ᠤᠷᠤᠯᠳᠤᠭᠠᠨ ᠤ ᠲᠠᠯᠠᠪᠤᠷ ᠪᠤᠯᠭᠠᠬᠤ ᠪᠠᠷ ᠴᠢᠷᠮᠠᠶᠢᠵᠥ ᠪᠤᠢ᠃ 

2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠨᠡᠶᠢᠲᠡ 7 ᠶᠡᠭᠡ ᠲᠥᠷᠥᠯ ᠵᠦᠶ᠋ᠯ᠂ 15 ᠬᠤᠪᠢᠶᠠᠷᠢ ᠲᠥᠷᠥᠯ ᠵᠦᠶ᠋ᠯ᠂ 109 ᠪᠠᠭ᠎ᠠ ᠲᠥᠷᠥᠯ ᠵᠦᠶ᠋ᠯ ᠢ ᠲᠣᠬᠢᠷᠠᠭᠤᠯᠤᠭᠰᠠᠨ ᠪᠤᠯᠬᠤᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠥᠷᠥᠯ ᠵᠦᠢᠯ ᠢ ᠴᠦ ᠠᠳᠠᠯᠢ ᠶᠤᠰᠤᠭᠠᠷ ᠲᠣᠬᠢᠷᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠵᠠᠯᠠᠭᠤᠴᠤᠳ ᠤᠨ ᠤᠷᠤᠯᠳᠤᠭᠠᠨ ᠤ ᠲᠥᠷᠥᠯ ᠢ 32 ᠰᠢᠨ᠎ᠠ ᠪᠠᠷ ᠨᠡᠮᠡᠨ ᠲᠤᠬᠢᠷᠠᠭᠤᠯᠤᠬᠰᠠᠨ ᠢᠶᠠᠷ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 7 ᠶᠡᠭᠡ ᠲᠥᠷᠥᠯ ᠵᠦᠢᠯ᠂ 15 ᠬᠤᠪᠢᠶᠠᠷᠢ ᠲᠥᠷᠥᠯ ᠵᠦᠢᠯ ᠪᠠ 141 ᠪᠠᠭ᠎ᠠ ᠤᠷᠤᠯᠳᠤᠭᠠᠨ ᠤ ᠲᠥᠷᠥᠯ ᠳᠤ ᠳᠠᠮᠢᠷᠴᠢᠳ ᠥᠷᠢᠰᠥᠯᠳᠥᠬᠦ ᠪᠤᠯᠤᠨ᠎ᠠ᠃( ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ