fc7c35f1-eb09-41e2-a6d1-14eb65f4fbc3.jpg

ᠠᠷᠪᠠᠨ ᠲᠦᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠴᠢᠯᠦᠭᠡᠳᠦ ᠮᠠᠶ᠋ᠢᠭ ᠤᠨ ᠴᠠᠰᠤᠨ ᠳᠤ ᠭᠤᠯᠭᠤᠬᠤ ᠮᠡᠷᠭᠡᠵᠢᠯ ᠵᠡᠷᠭᠡ 4 ᠲᠦᠷᠦᠯ ᠤᠨ ᠤᠷᠤᠯᠳᠤᠭᠠᠨ ᠬᠦᠯᠦᠨ ᠪᠦᠢᠷ ᠬᠤᠳᠠ ᠶᠢᠨ ᠵᠠᠯᠠᠨ ᠠᠶᠢᠯ ᠬᠤᠳᠠ ᠶᠢᠨ ᠶᠢᠨ ᠯᠦᠩ ᠱᠠᠨ ᠴᠠᠰᠤᠨ ᠳᠤ ᠭᠤᠯᠭᠤᠬᠤ ᠲᠠᠯᠠᠪᠠᠢ ᠳᠤ ᠶᠠᠪᠤᠭᠳᠠᠬᠤ ᠪᠤᠯᠤᠨ᠎ᠠ᠂ ᠠᠭᠤᠷ ᠠᠮᠢᠰᠬᠤᠯ ᠬᠦᠢᠳᠡᠷᠡᠬᠦ ᠶᠢ ᠲᠠᠭᠠᠯᠳᠤᠨ ᠡᠯ᠎ᠡ ᠲᠦᠷᠦᠯ ᠤᠨ ᠤᠷᠤᠯᠳᠤᠭᠠᠨ ᠤ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ᠂ ᠴᠠᠰᠤᠨ ᠳᠤ ᠭᠤᠯᠭᠤᠬᠤ ᠲᠠᠯᠠᠪᠠᠢ ᠵᠤᠬᠢᠶᠠᠮᠠᠯ ᠴᠠᠰᠤ ᠬᠢᠵᠤ ᠡᠬᠢᠯᠡᠭᠰᠡᠨ ᠪᠠᠶᠢᠨ᠎ᠠ᠃

ᠵᠠᠯᠠᠨ ᠠᠶᠢᠯ ᠬᠤᠳᠠ ᠶᠢᠨ ᠶᠢᠨ ᠯᠦᠩ ᠱᠠᠨ ᠴᠠᠰᠤᠨ ᠳᠤ ᠭᠤᠯᠭᠤᠬᠤ ᠲᠠᠯᠠᠪᠠᠢ ᠳᠤ 6 ᠰᠠᠭᠤᠷᠢ ᠵᠤᠬᠢᠶᠠᠮᠡᠯ ᠴᠠᠰᠤ ᠤᠷᠤᠭᠤᠯᠬᠤ ᠮᠠᠰᠢᠨ ᠶᠠᠭᠠᠷᠠᠯᠳᠠᠢ ᠠᠵᠢᠯᠯᠠᠨ᠎ᠠ᠃ ᠠᠷᠪᠠᠨ ᠲᠦᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ᠂ ᠵᠠᠯᠠᠨ ᠠᠶᠢᠯ ᠬᠤᠳᠠ ᠶᠢᠨ ᠶᠢᠨ ᠯᠦᠩ ᠱᠠᠨ ᠴᠠᠰᠤᠨ ᠳᠤ ᠭᠤᠯᠭᠤᠬᠤ ᠲᠠᠯᠠᠪᠠᠢ ᠤᠤᠯ ᠤᠨ ᠭᠤᠷᠪᠠᠨ ᠤᠷᠤᠯᠳᠤᠭᠠᠨ ᠤ ᠲᠠᠯᠠᠪᠤᠷ ᠤᠨ ᠰᠠᠭᠤᠷᠢᠨ ᠳᠡᠭᠡᠷ᠎ᠡ ᠪᠠᠨ ᠲᠡᠬᠢᠨ ᠰᠢᠨ᠎ᠡ ᠪᠠᠷ 15 ᠵᠤᠷᠪᠤᠰ ᠪᠦᠬᠦ ᠤᠷᠳᠤ ᠨᠢ 15 ᠺᠢᠯᠤᠮᠧᠲᠷ᠂ ᠲᠠᠯᠠᠪᠠᠢ ᠨᠢ 50 ᠡᠾᠧᠺᠲ᠋ᠤᠷ ᠲᠠᠮᠢᠷᠴᠢᠳ ᠤᠨ ᠪᠤᠯᠪᠠᠰᠤᠷᠠᠯ ᠤᠨ ᠴᠠᠰᠤᠨ ᠵᠠᠮ ᠪᠠᠶᠢᠭᠤᠯᠵᠠᠢ᠃ ᠴᠠᠰᠤᠨ ᠵᠠᠮ ᠨᠡᠮᠡᠭᠳᠡᠭᠰᠡᠨ ᠠᠴᠠ ᠴᠠᠰᠤᠨ ᠳᠤ ᠭᠤᠯᠭᠤᠬᠤ ᠲᠠᠯᠠᠪᠠᠢ ᠶᠢᠨ ᠤᠤᠯ ᠤᠨ 10 ᠰᠠᠭᠤᠷᠢ ᠴᠠᠰᠤ ᠬᠢᠬᠦ ᠮᠠᠰᠢᠨ ᠤ ᠰᠠᠭᠤᠷᠢᠨ ᠳᠡᠭᠡᠷ᠎ᠡ ᠲᠡᠬᠢᠨ ᠰᠢᠨ᠎ᠡ ᠪᠠᠷ 28 ᠰᠠᠭᠤᠷᠢ ᠴᠠᠰᠤ ᠬᠢᠬᠦ ᠮᠠᠰᠢᠨ ᠨᠡᠮᠡᠵᠤ᠂ ᠴᠠᠰᠤᠨ ᠤ ᠬᠡᠷᠡᠭᠴᠡᠭᠡ ᠶᠢ ᠪᠠᠳᠤᠯᠠᠵᠤ ᠪᠤᠢ᠃

ᠦᠨᠤ ᠵᠢᠯ ᠤᠨ 8 ᠰᠠᠷ᠎ᠠ ᠠᠴᠠ ᠡᠬᠢᠯᠡᠨ᠂ ᠶᠢᠨ ᠯᠦᠩ ᠱᠠᠨ ᠴᠠᠰᠤᠨ ᠳᠤ ᠭᠤᠯᠭᠤᠬᠤ ᠲᠠᠯᠠᠪᠠᠢ ᠤᠤᠯ ᠤᠨ 1.5 ᠲᠦᠮᠡᠨ ᠲᠦᠷᠪᠡᠯᠵᠢᠨ ᠤᠰᠤ ᠬᠠᠳᠠᠭᠠᠯᠠᠬᠤ ᠴᠦᠬᠦᠷᠦᠮ ᠤᠨ ᠰᠠᠭᠤᠷᠢᠨ ᠳᠡᠭᠡᠷ᠎ᠡ ᠲᠠᠬᠢᠨ 5 ᠲᠦᠮᠡᠨ ᠲᠦᠷᠪᠡᠯᠵᠢᠨ ᠤᠰᠤ ᠬᠠᠳᠠᠭᠠᠯᠠᠬᠤ ᠴᠦᠬᠦᠷᠦᠮ ᠰᠢᠨ᠎ᠡ ᠪᠠᠷ ᠪᠠᠶᠢᠭᠤᠯᠵᠠᠢ᠂ 3.5 ᠺᠢᠯᠤᠮᠧᠲᠷ ᠬᠤᠯᠡ ᠠᠴᠠ ᠶᠠᠯᠤ ᠭᠤᠤᠯ ᠤᠨ ᠤᠰᠤ ᠶᠢ ᠴᠠᠰᠤᠨ ᠳᠤ ᠭᠤᠯᠭᠤᠬᠤ ᠲᠠᠯᠠᠪᠠᠢ ᠳᠤ ᠲᠠᠳᠠᠵᠤ ᠤᠷᠤᠭᠤᠯᠵᠠᠢ᠃ ᠤᠳᠤ ᠬᠤᠶᠠᠷ ᠤᠰᠤ ᠬᠠᠳᠠᠭᠠᠯᠠᠬᠤ ᠴᠦᠬᠦᠷᠦᠮ ᠤᠨ ᠤᠰᠤ ᠬᠠᠳᠠᠭᠠᠯᠠᠬᠤ ᠬᠡᠮᠵᠢᠶ᠎ᠡ 18 ᠵᠤᠷᠪᠤᠰ ᠴᠠᠰᠤᠨ ᠵᠠᠮ ᠤᠨ ᠴᠠᠰᠤᠨ ᠤ ᠬᠡᠷᠡᠭᠴᠡᠭᠡ ᠶᠢ ᠵᠡᠷᠭᠡᠪᠡᠷ ᠬᠠᠨᠭ᠍ᠭᠠᠵᠤ ᠲᠡᠶᠢᠯᠬᠦ ᠪᠤᠯᠪᠠ᠃ ᠤᠷᠤᠯᠳᠤᠭᠠᠨ ᠤ ᠴᠠᠰᠤᠨ ᠵᠠᠮ᠂ ᠤᠰᠤ ᠬᠠᠳᠠᠭᠠᠯᠠᠬᠤ᠂ ᠴᠠᠰᠤᠨ ᠤ ᠬᠡᠮᠵᠢᠶ᠎ᠡ ᠶᠢ ᠬᠦᠢᠴᠡᠳ ᠪᠠᠳᠤᠯᠠᠬᠰᠠᠨ ᠠᠴᠠ ᠭᠠᠳᠠᠨ᠎ᠠ᠂ ᠵᠠᠯᠠᠨ ᠠᠶᠢᠯ ᠬᠤᠳᠠ ᠪᠠᠰᠠ ᠶᠢᠨ ᠯᠦᠩ ᠱᠠᠨ ᠴᠠᠰᠤᠨ ᠳᠤ ᠭᠤᠯᠭᠤᠬᠤ ᠲᠠᠯᠠᠪᠠᠢ ᠳᠤ ᠬᠦᠷᠬᠦ 4.9 ᠺᠢᠯᠤᠮᠧᠲᠷ ᠤᠨ ᠬᠠᠭᠤᠴᠢᠨ ᠵᠠᠮ ᠢ ᠰᠢᠨᠡᠳᠭᠡᠵᠤ᠂ ᠴᠠᠰᠤᠨ ᠳᠤ ᠭᠤᠯᠭᠤᠬᠤ ᠲᠠᠯᠠᠪᠠᠢ ᠶᠢᠨ ᠵᠤᠴᠢᠨ ᠬᠦᠯᠢᠶᠡᠨ ᠠᠪᠬᠤ ᠲᠢᠩᠬᠢᠮ ᠢ ᠤᠤᠯ ᠤᠨ 2900 ᠲᠡᠭᠰᠢ ᠲᠦᠷᠪᠡᠯᠵᠢᠨ ᠮᠧᠲᠷ ᠠᠴᠠ 5700 ᠲᠡᠭᠰᠢ ᠲᠦᠷᠪᠡᠯᠵᠢᠨ ᠮᠧᠲᠷ ᠪᠤᠯᠭᠠᠨ ᠶᠡᠬᠡᠰᠬᠡᠵᠤ᠂ 800 ᠬᠦᠮᠦᠨ ᠢ ᠬᠦᠯᠢᠶᠡᠨ ᠠᠪᠴᠤ ᠵᠤᠴᠢᠯᠠᠬᠤ ᠴᠢᠳᠠᠮᠵᠢ ᠲᠠᠢ ᠪᠤᠯᠵᠠᠢ᠃ 

ᠵᠠᠯᠠᠨ ᠠᠶᠢᠯ ᠬᠤᠳᠠ ᠶᠢᠨ ᠰᠠᠭᠤᠷᠢ ᠪᠦᠲᠦᠬᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠳᠠᠭᠠᠭᠠᠮᠠᠯ ᠵᠠᠩ ᠰᠢᠦᠢ ᠶᠢᠨ ᠳᠠᠨᠢᠯᠴᠠᠭᠤᠯᠤᠭᠰᠠᠨ ᠢᠶᠠᠷ᠂ ᠠᠷᠪᠠᠨ ᠳᠦᠷᠪᠡᠳᠦᠬᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠳᠦᠯᠦᠬᠡ᠂ ᠶᠢᠨ ᠯᠦᠩ ᠱᠠᠨ ᠴᠠᠰᠤᠨ ᠳᠤ ᠭᠤᠯᠭᠤᠬᠤ ᠳᠠᠯᠠᠪᠠᠢ ᠳᠤ ᠭᠤᠷᠪᠠᠨ ᠵᠤᠷᠪᠤᠰ ᠳᠡᠬᠦᠵᠢᠩ ᠵᠠᠮ ᠨᠡᠮᠡᠵᠤ᠂ ᠨᠢᠳᠤᠨᠤᠨ ᠵᠢᠯ ᠬᠤᠶᠠᠷ ᠵᠤᠷᠪᠤᠰ ᠢ ᠨᠢ ᠪᠠᠷᠢᠯᠭ᠎ᠠ ᠳᠠᠭᠤᠰᠬᠠᠵᠠᠢ᠃ ᠴᠠᠰᠤᠨ ᠳᠤ ᠭᠤᠯᠭᠤᠭᠴᠢᠳ ᠪᠠ ᠳᠠᠮᠢᠷᠴᠢᠳ ᠲᠤ ᠨᠡᠩ ᠳᠠᠭᠠᠳᠠᠢ ᠤᠷᠤᠯᠳᠤᠭᠠᠨ ᠤ ᠤᠷᠴᠢᠨ ᠬᠠᠨᠭ᠍ᠭᠠᠬᠤ ᠶᠢᠨ ᠳᠤᠯᠠᠳᠠ ᠡᠨᠡ ᠵᠢᠯ ᠨᠢᠬᠡ ᠵᠤᠷᠪᠤᠰ ᠵᠢᠷᠭᠤᠭᠠᠨ ᠬᠦᠮᠦᠨ ᠰᠠᠭᠤᠵᠤ ᠲᠡᠶᠢᠯᠬᠦ ᠳᠡᠬᠦᠵᠢᠩ ᠵᠠᠮ ᠰᠢᠨ᠎ᠡ ᠪᠠᠷ ᠨᠡᠮᠡᠬᠡᠳ ᠤᠳᠤ ᠨᠢᠬᠡᠨᠳᠡ ᠠᠵᠢᠯ ᠢᠶᠠᠨ ᠳᠠᠭᠤᠰᠬᠠᠵᠤ ᠰᠢᠯᠭᠠᠨ ᠬᠢᠨᠠᠬᠤ ᠱᠠᠳᠤᠨ ᠳᠤ ᠤᠷᠤᠭᠤᠯᠤᠭᠠᠳ ᠪᠠᠶᠢᠨ᠎ᠠ᠃

ᠳᠦᠪ ᠤᠨ ᠷᠠᠳᠢᠣ᠋ ᠲᠧᠯᠸᠢᠰ ᠤᠨ ᠶᠡᠷᠦᠩᠭᠡᠢ ᠬᠤᠷᠢᠶ᠎ᠠ ᠶᠢᠨ ᠠᠵᠢᠯᠳᠠᠨ ᠶᠠᠭ ᠶᠢᠨ ᠯᠦᠩ ᠱᠠᠨ ᠴᠠᠰᠤᠨ ᠳᠤ ᠭᠤᠯᠭᠤᠬᠤ ᠳᠠᠯᠠᠪᠠᠢ ᠳᠤ ᠳᠦᠪ ᠲᠧᠯᠸᠢᠰ ᠤᠨ ᠰᠢᠭᠤᠳ ᠨᠡᠪᠳᠡᠷᠡᠬᠦᠯᠬᠡ ᠶᠢᠨ ᠳᠦᠪ ᠤᠨ ᠠᠰᠠᠷ ᠤᠨ ᠪᠦᠲᠦᠬᠡᠨ ᠪᠠᠶᠢᠭᠤᠯᠤᠯᠳᠠ ᠶᠢ ᠵᠤᠯᠭᠠᠭᠤᠯᠬᠤ ᠠᠰᠠᠭᠤᠳᠠᠯ ᠳᠤ ᠶᠠᠭᠠᠷᠠᠵᠤ ᠪᠠᠶᠢᠯ᠎ᠠ᠂ ᠤᠳᠤᠬᠠᠨ ᠳᠤ ᠳᠦᠷᠦᠯ ᠵᠦᠢᠯ ᠤᠨ ᠦᠨᠳᠦᠰᠦᠨ ᠪᠠᠶᠢᠭᠤᠯᠤᠯᠳᠠ ᠶᠢ ᠳᠠᠭᠤᠰᠬᠠᠵᠤ᠂ ᠤᠳᠤ ᠶᠠᠭ ᠳᠤᠳᠤᠭᠠᠳᠤ ᠪᠦᠲᠦᠬᠡᠨ ᠪᠠᠶᠢᠭᠤᠯᠤᠯᠳᠠ ᠶᠢᠨ ᠪᠤᠳᠠᠳᠠᠢ ᠳᠦᠰᠦᠪ ᠢ ᠳᠤᠭᠳᠠᠭᠠᠵᠤ᠂ 12 ᠰᠠᠷ᠎ᠠ ᠶᠢᠨ 15 ᠤ ᠡᠳᠦᠷ ᠭᠤᠤᠯ ᠴᠤᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ ᠳᠦᠯᠦᠪᠯᠡᠵᠤ ᠪᠠᠶᠢᠨ᠎ᠠ᠃

ᠵᠠᠯᠠᠨ ᠠᠶᠢᠯ ᠬᠤᠳᠠ ᠶᠢᠨ ᠶᠢᠨ ᠯᠦᠩ ᠱᠠᠨ ᠴᠠᠰᠤᠨ ᠳᠤ ᠭᠤᠯᠭᠤᠬᠤ ᠳᠠᠯᠠᠪᠠᠢ ᠪᠤᠯ ᠠᠷᠪᠠᠨ ᠳᠦᠷᠪᠡᠳᠦᠬᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠴᠢᠯᠦᠬᠡᠳᠤ ᠮᠠᠶ᠋ᠢᠭ ᠤᠨ ᠴᠠᠰᠤᠨ ᠳᠤ ᠭᠤᠯᠭᠤᠬᠤ ᠴᠠᠰᠤᠨ ᠳᠡᠬᠡᠷᠡᠬᠢ ᠤᠷ᠎ᠠ ᠮᠡᠷᠬᠡᠵᠢᠯ᠂ ᠴᠢᠯᠦᠬᠡᠳᠤ ᠮᠠᠶ᠋ᠢᠭ ᠤᠨ ᠴᠠᠰᠤᠨ ᠳᠤ ᠭᠤᠯᠭᠤᠬᠤ ᠤᠭᠳᠠᠷᠭᠤᠢ ᠳᠠᠬᠢ ᠤᠷ᠎ᠠ ᠮᠡᠷᠬᠡᠵᠢᠯ᠂ ᠴᠢᠯᠦᠬᠡᠳᠤ ᠮᠠᠶ᠋ᠢᠭ ᠤᠨ ᠴᠠᠰᠤᠨ ᠳᠤ ᠭᠤᠯᠭᠤᠬᠤ U ᠬᠡᠯᠪᠡᠷᠢᠳᠤ ᠳᠠᠯᠠᠪᠠᠢ ᠤᠷᠤᠯᠳᠤᠭᠠᠨ ᠤ ᠤᠷ᠎ᠠ ᠮᠡᠷᠬᠡᠵᠢᠯ ᠵᠡᠷᠬᠡ ᠳᠦᠷᠪᠡᠨ ᠳᠦᠷᠦᠯ ᠵᠦᠢᠯ ᠤᠨ ᠤᠷᠤᠯᠳᠤᠭᠠᠨ ᠤ ᠳᠤᠬᠠᠢ ᠶᠢᠨ ᠳᠠᠯᠠᠪᠠᠢ ᠪᠤᠯᠤᠨ᠎ᠠ᠃ ᠴᠠᠰᠤᠨ ᠳᠤ ᠭᠤᠯᠭᠤᠬᠤ ᠤᠷᠤᠯᠳᠤᠭᠠᠨ ᠤ ᠳᠠᠯᠠᠪᠠᠢ ᠪᠤᠯ ᠤᠯᠤᠰ ᠤᠨ ᠪᠡᠶ᠎ᠡ ᠶᠢᠨ ᠳᠠᠮᠢᠷ ᠤᠨ ᠶᠡᠷᠦᠩᠭᠡᠢ ᠳᠤᠪᠴᠢᠶ᠎ᠠ ᠶᠢᠨ ᠨᠡᠷ᠎ᠡ ᠪᠠᠷ ᠨᠡᠷᠡᠯᠡᠭᠳᠡᠭᠰᠡᠨ ᠴᠠᠰᠤᠨ ᠳᠤ ᠭᠤᠯᠭᠤᠬᠤ ᠠᠩᠭᠢ ᠶᠢᠨ ᠪᠤᠯᠪᠠᠰᠤᠷᠠᠯ ᠤᠨ ᠰᠠᠭᠤᠷᠢᠨ ᠭᠠᠵᠠᠷ ᠮᠦᠨ ᠪᠠᠶᠢᠵᠤ᠂ 8 ᠵᠢᠯ ᠳᠠᠷᠠᠭᠠᠯᠠᠨ ᠤᠯᠤᠰ ᠤᠨ ᠡᠪᠦᠯ ᠤᠨ ᠤᠯᠠᠷᠢᠯ ᠤᠨ ᠳᠦᠷᠦᠯ ᠵᠦᠯ ᠤᠨ ᠳᠡᠭᠡᠳᠤ ᠳᠡᠰ ᠤᠨ ᠤᠷᠤᠯᠳᠤᠭᠠᠨ ᠤ ᠳᠦᠷᠦᠯ ᠵᠦᠢᠯ ᠢ ᠡᠷᠬᠢᠯᠡᠨ ᠬᠢᠪᠡ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ