e78b77e1-0341-42f0-83d8-8b89e9cd9883.jpg

ᠰᠧᠴᠤᠸᠠᠨ ᠮᠤᠵᠢ ᠶᠢᠨ ᠴᠧᠩᠳᠦ᠋ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷᠯᠢᠭ ᠪᠤᠶᠤ ᠴᠧᠩᠳᠦ᠋ ᠳᠠᠬᠢ ᠮᠣᠩᠭᠤᠯᠴᠤᠳ ᠤᠨ ᠨᠠᠭᠠᠳᠤᠮ 11 ᠳ᠋ᠦ᠋ᠭᠡᠷ ᠰᠠᠷ᠎ᠠ ᠶᠢᠨ 17 ᠤ ᠡᠳᠦᠷ ᠳᠡᠯᠭᠡᠷ ᠰᠠᠶᠢᠬᠠᠨ ᠪᠣᠯᠣᠯ᠎ᠠ᠃ ᠤᠭ ᠨᠠᠭᠠᠳᠤᠮ ᠢ ᠴᠧᠩᠳᠦ᠋ ᠬᠤᠲᠠ ᠶᠢᠨ《ᠮᠠᠨᠵᠤ ᠮᠣᠩᠭᠤᠯ ᠤᠨ ᠠᠷᠠᠳ ᠤᠨ ᠰᠤᠷᠤᠯᠴᠠᠬᠤ ᠨᠡᠶᠢᠭᠡᠮᠯᠢᠭ》 ᠵᠣᠬᠢᠶᠠᠨ ᠪᠠᠶᠢᠭᠤᠯᠤᠨ ᠡᠷᠬᠢᠯᠡᠭᠰᠡᠨ ᠪᠠᠶᠢᠨ᠎ᠠ᠃ ᠨᠠᠭᠠᠳᠤᠮ ᠤᠨ ᠬᠦᠷᠢᠶᠡᠨ ᠳᠤ ᠮᠣᠩᠭᠤᠯ ᠪᠥᠬᠡ ᠶᠢᠨ ᠪᠠᠷᠢᠯᠳᠤᠭᠠᠨ᠂ ᠰᠤᠷ ᠬᠠᠷᠪᠤᠯᠲᠠ᠂ ᠤᠷᠠᠨ ᠰᠠᠶᠢᠬᠠᠨ ᠤ ᠲᠣᠭᠯᠠᠯᠲᠠ᠂ ᠤᠷᠠᠨ ᠪᠢᠴᠢᠯᠭᠡ ᠶᠢᠨ ᠦᠵᠡᠭᠦᠯᠦᠯᠭᠡ ᠵᠡᠷᠭᠡ ᠦᠢᠯᠡ ᠠᠵᠢᠯᠯᠠᠭ᠎ᠠ ᠵᠣᠬᠢᠶᠠᠭᠳᠠᠵᠠᠢ᠃ ᠰᠧᠴᠤᠸᠠᠨ ᠮᠤᠵᠢ ᠳᠤ ᠠᠵᠢᠯᠯᠠᠵᠤ ᠠᠮᠢᠳᠤᠷᠠᠵᠤ ᠪᠠᠶᠢᠭ᠎ᠠ ᠮᠣᠩᠭᠤᠯᠴᠤᠳ ᠠᠴᠠ ᠭᠠᠳᠠᠨ᠎ᠠ ᠰᠢᠨᠵᠢᠶᠠᠩ᠂ ᠬᠥᠬᠡᠨᠠᠭᠤᠷ᠂ ᠥᠪᠥᠷ ᠮᠣᠩᠭᠤᠯ ᠤᠨ ᠡᠯ᠎ᠡ ᠠᠶᠢᠮᠠᠭ ᠬᠤᠲᠠ ᠶᠢᠨ ᠮᠣᠩᠭᠤᠯᠴᠤᠳ ᠤᠭ ᠨᠠᠭᠠᠳᠤᠮ ᠢ ᠵᠣᠷᠢᠨ ᠢᠷᠠᠵᠤ᠂ ᠦᠨᠳᠦᠰᠦᠲᠡᠨ ᠤ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷᠯᠢᠭ ᠢ ᠬᠠᠮᠲᠤ ᠳᠠᠭᠠᠨ ᠲᠡᠮᠳᠡᠭᠯᠡᠪᠡ᠃

ᠴᠧᠩᠳᠦ᠋ ᠬᠤᠲᠠ ᠶᠢᠨ 《ᠮᠠᠨᠵᠤ ᠮᠣᠩᠭᠤᠯ ᠤᠨ ᠠᠷᠠᠳ ᠤᠨ ᠰᠤᠷᠤᠯᠴᠠᠬᠤ ᠨᠡᠶᠢᠭᠡᠮᠯᠢᠭ》 ᠨᠢ ᠦᠨᠳᠦᠰᠦᠲᠡᠨ ᠤ ᠰᠣᠶᠣᠯ ᠤᠨ ᠪᠡᠶᠡᠲᠦ ᠪᠤᠰᠤ ᠥᠪ ᠢ ᠬᠤᠶᠢᠴᠢ ᠦᠶ᠎ᠡ ᠳᠡᠭᠡᠨ ᠥᠪᠯᠡᠭᠦᠯᠦᠨ ᠦᠯᠡᠳᠡᠭᠡᠬᠦ᠂ ᠲᠦᠭᠡᠭᠡᠨ ᠳᠡᠯᠭᠡᠷᠡᠭᠦᠯᠬᠦ ᠵᠣᠷᠢᠯᠭ᠎ᠠ ᠲᠠᠢ ᠠᠵᠢᠯᠯᠠᠵᠤ᠂ ᠮᠣᠩᠭᠤᠯᠴᠤᠳ ᠤᠨ ᠨᠠᠭᠠᠳᠤᠮ᠂ ᠴᠠᠭᠠᠨ ᠰᠠᠷ᠎ᠠ ᠵᠡᠷᠭᠡ ᠦᠨᠳᠦᠰᠦᠲᠡᠨ ᠤ ᠣᠨᠴᠠᠯᠢᠭ ᠲᠠᠢ ᠦᠢᠯᠡ ᠠᠵᠢᠯᠯᠠᠭ᠎ᠠ ᠶᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ᠃ ᠮᠣᠩᠭᠤᠯᠴᠤᠳ ᠪᠢᠳᠠᠨ ᠤ ᠥᠪ ᠰᠣᠶᠣᠯ ᠤᠨ ᠨᠡᠷ᠎ᠡ ᠶᠢᠨ ᠬᠠᠭᠤᠳᠠᠰᠤ ᠪᠣᠯᠣᠭᠰᠠᠨ ᠳᠠᠭᠤᠤ ᠬᠤᠭᠤᠷ ᠲᠠᠢ᠂ ᠥᠩᠭᠡ ᠲᠠᠢ ᠰᠠᠶᠢᠬᠠᠨ ᠮᠣᠩᠭᠤᠯ ᠨᠠᠭᠠᠳᠤᠮ ᠴᠧᠩᠳᠦ᠋ ᠬᠤᠲᠠ ᠳᠤ ᠠᠷᠪᠠᠨ ᠳᠣᠯᠤᠳᠠᠬᠢ ᠤᠳᠠᠭ᠎ᠠ ᠪᠠᠨ ᠵᠣᠬᠢᠶᠠᠨ ᠪᠠᠶᠢᠭᠤᠯᠤᠭᠳᠠᠭᠰᠠᠨ ᠢ ᠤᠯᠠᠮᠵᠢᠯᠠᠬᠤ ᠳᠤ ᠲᠠᠭᠠᠲᠠᠢ ᠪᠠᠶᠢᠨ᠎ᠠ᠃

ᠰᠧᠴᠤᠸᠠᠨ ᠮᠤᠵᠢ ᠶᠢᠨ ᠲᠥᠪ ᠴᠧᠩᠳᠦ᠋ ᠬᠤᠲᠠ ᠳᠤ ᠠᠮᠢᠳᠤᠷᠠᠵᠤ ᠪᠠᠶᠢᠭ᠎ᠠ ᠮᠠᠨᠵᠤ᠂ ᠮᠣᠩᠭᠤᠯ ᠦᠨᠳᠦᠰᠦᠲᠡᠨ ᠤ ᠳᠡᠭᠡᠳᠦᠰ ᠤᠨ ᠢᠷᠠᠯ ᠭᠠᠷᠤᠯ ᠢ ᠮᠥᠷᠳᠡᠪᠡᠯ ᠴᠢᠩ ᠤᠯᠤᠰ ᠤᠨ ᠡᠩᠬᠡ ᠠᠮᠤᠭᠤᠯᠠᠩ ᠬᠠᠭᠠᠨ ᠤ ᠦᠶ᠎ᠡ ᠳᠤ ᠲᠥᠪᠡᠳ ᠤᠨ ᠤᠷᠪᠠᠯᠭᠠᠨ ᠢ ᠲᠦᠪᠰᠢᠳᠬᠡᠬᠦ ᠪᠠᠷ ᠬᠦᠷᠦᠭᠰᠡᠨ ᠮᠠᠨᠵᠤ ᠪᠠ ᠮᠣᠩᠭᠤᠯ ᠴᠡᠷᠢᠭ ᠤᠳ ᠪᠠᠶᠢᠭ᠎ᠠ ᠶᠤᠮ᠃ ᠨᠤᠲᠤᠭ ᠪᠤᠴᠠᠬᠤ ᠲᠠᠪᠢᠯᠠᠩ ᠦᠭᠡᠢ ᠡᠳᠡᠭᠡᠷ ᠴᠡᠷᠢᠭ ᠤᠳ ᠬᠥᠮᠥᠨ ᠤ ᠨᠤᠲᠤᠭ ᠤᠨ ᠬᠠᠳᠠ ᠲᠦᠰᠢᠵᠦ᠂ ᠬᠡᠳᠦᠨ ᠵᠠᠭᠤᠨ ᠢ ᠲᠤᠭᠤᠯᠤᠨ ᠣᠯᠠᠨ ᠦᠶ᠎ᠡ ᠪᠠᠷ ᠢᠶᠠᠨ ᠠᠳᠡ ᠨᠤᠲᠤᠭᠰᠢᠨ ᠰᠠᠭᠤᠵᠠᠢ᠃ ᠢᠩᠭᠢᠭᠡᠳ 1957 ᠣᠨ ᠳᠤ ᠮᠠᠨᠵᠤ ᠮᠣᠩᠭᠤᠯ ᠤᠨ ᠴᠡᠷᠢᠭ ᠤᠨ ᠬᠤᠶᠢᠴᠢᠰ ᠴᠧᠩᠳᠦ᠋ ᠬᠤᠲᠠ ᠳᠤ ᠠᠷᠠᠳ ᠤᠨ ᠰᠤᠷᠤᠯᠴᠠᠬᠤ ᠨᠡᠶᠢᠭᠡᠮᠯᠢᠭ ᠢ ᠰᠠᠨᠠᠭᠠᠴᠢᠯᠠᠨ ᠪᠠᠶᠢᠭᠤᠯᠵᠠᠢ᠃ ᠡᠨᠡ ᠨᠢ ᠳᠤᠮᠳᠠᠳᠤ ᠤᠯᠤᠰ ᠲᠤ ᠴᠣᠷ ᠭᠠᠭᠴᠠ ᠪᠠᠶᠢᠳᠠᠭ ᠦᠨᠳᠦᠰᠦᠲᠡᠨ ᠤ ᠬᠠᠮᠲᠤᠷᠠᠭᠰᠠᠨ ᠨᠡᠶᠢᠭᠡᠮᠯᠢᠭ ᠶᠤᠮ᠃ 《ᠮᠠᠨᠵᠤ ᠮᠣᠩᠭᠤᠯ ᠤᠨ ᠠᠷᠠᠳ ᠤᠨ ᠰᠤᠷᠤᠯᠴᠠᠬᠤ ᠨᠡᠶᠢᠭᠡᠮᠯᠢᠭ》 ᠪᠠᠶᠢᠭᠤᠯᠤᠭᠳᠠᠭᠰᠠᠨ ᠤ ᠳᠠᠷᠠᠭ᠎ᠠ ᠬᠠᠮᠢᠶᠠᠲᠠᠢ ᠰᠠᠯᠠᠭ᠎ᠠ ᠮᠥᠴᠢᠷ ᠲᠤ ᠲᠤᠰᠠᠯᠠᠵᠤ ᠦᠨᠳᠦᠰᠦᠲᠡᠨ ᠤ ᠵᠥᠷᠢᠴᠡᠯ ᠮᠠᠷᠭᠤᠭᠠᠨ ᠢ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠳᠤ ᠬᠦᠴᠦᠨ ᠵᠢᠳᠬᠦᠯ ᠭᠠᠷᠭᠠᠭᠰᠠᠨ ᠶᠤᠮ᠃ ᠡᠭᠦᠨ ᠤ ᠬᠠᠮᠲᠤ ᠮᠠᠨᠵᠤ ᠮᠣᠩᠭᠤᠯ ᠤᠨ ᠰᠣᠶᠣᠯ ᠤᠷᠠᠯᠢᠭ ᠤᠨ ᠦᠢᠯᠡᠰ ᠢ ᠤᠯᠠᠮᠵᠢᠯᠠᠨ ᠬᠥᠭᠵᠢᠭᠦᠯᠬᠦ ᠵᠣᠷᠢᠯᠭ᠎ᠠ ᠪᠠᠷ ᠮᠣᠷᠢᠨ ᠬᠤᠭᠤᠷ ᠤᠨ ᠠᠩᠭᠢ᠂ ᠮᠣᠩᠭᠤᠯ ᠦᠰᠦᠭ ᠪᠢᠴᠢᠭ ᠰᠤᠷᠬᠤ ᠠᠩᠭᠢ ᠵᠡᠷᠭᠡ ᠶᠢ ᠪᠠᠶᠢᠭᠤᠯᠤᠭᠰᠠᠨ ᠢᠶᠠᠷ ᠪᠠᠷᠠᠬᠤ ᠦᠭᠡᠢ ᠵᠢᠯ ᠪᠣᠯᠭᠠᠨ ᠠᠮᠢᠳᠤᠷᠠᠯ ᠶᠠᠳᠠᠭᠤ ᠮᠠᠨᠵᠤ ᠪᠤᠶᠤ ᠮᠣᠩᠭᠤᠯ ᠣᠶᠤᠲᠠᠨ ᠳᠤ ᠰᠤᠷᠤᠯᠭ᠎ᠠ ᠶᠢᠨ ᠲᠡᠳᠬᠦᠮᠵᠢ ᠣᠯᠭᠤᠵᠤ᠂ ᠦᠨᠳᠦᠰᠦᠲᠡᠨ ᠤ ᠰᠣᠶᠣᠯ ᠰᠤᠷᠭᠠᠨ ᠬᠥᠮᠥᠵᠢᠯ ᠤᠨ ᠦᠢᠯᠡᠰ ᠲᠤ ᠴᠦ ᠬᠦᠴᠦᠨ ᠨᠡᠮᠡᠷᠢᠯᠡᠵᠦ ᠪᠠᠶᠢᠨ᠎ᠠ᠃

d8871cbd-6857-4eed-bb3a-f297b3dc3eb9.jpg

a872cd29-ee34-445d-8207-43ee73bbf9df.jpg

ᠢᠷᠡᠯᠳᠡ : 

ᠲᠦᠪ ᠷᠠᠳᠢᠤ᠋    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ