2020 ᠣᠨ ᠤ ᠪᠡᠶ᠎ᠡ ᠶᠢᠨ ᠲᠠᠮᠢᠷ ᠤᠨ ᠲᠤᠰᠠᠭᠠᠷ ᠰᠤᠷᠤᠭᠴᠢ ᠡᠯᠰᠡᠬᠦ ᠠᠵᠢᠯ ᠤᠳᠠᠯ ᠦᠭᠡᠢ ᠡᠬᠢᠯᠡᠬᠦ ᠪᠠᠷ ᠪᠤᠢ᠃ ᠦᠪᠡᠷᠳᠡᠬᠡᠨ ᠵᠠᠰᠠᠬᠤ ᠤᠷᠤᠨ ᠤ ᠪᠠᠶ᠎ᠠ ᠶᠢᠨ ᠲᠠᠮᠢᠷ ᠤᠨ ᠲᠤᠪᠴᠢᠶ᠎ᠠ ᠠᠴᠠ ᠬᠥᠯ ᠪᠥᠮᠪᠦᠭᠡ ᠶᠢᠨ ᠣᠨᠴᠠ ᠴᠢᠳᠠᠪᠤᠷᠢᠲᠠᠶ ᠰᠤᠷᠤᠭᠴᠢᠳ ᠪᠡᠶ᠎ᠡ ᠶᠢᠨ ᠲᠠᠮᠢᠷ ᠤᠨ ᠲᠤᠰᠠᠭᠠᠷ ᠰᠤᠷᠤᠭᠴᠢ ᠡᠯᠰᠡᠬᠦ ᠪᠠᠷ ᠲᠠᠮᠵᠢᠨ 《985》᠂ 《211》 ᠶᠢᠨ ᠨᠡᠷᠡᠳᠡᠢ ᠶᠡᠭᠡ ᠳᠡᠭᠡᠳᠤ ᠰᠤᠷᠭᠠᠭᠤᠯᠢ ᠳᠤ ᠤᠷᠤᠵᠤ ᠲᠠᠶᠢᠯᠬᠦ ᠪᠤᠯᠤᠭᠰᠠᠨ ᠪᠠᠶᠠᠷ ᠤᠨ ᠴᠢᠮᠡᠭᠡ ᠤᠯᠠᠮᠵᠢᠯᠠᠭᠳᠠᠨ᠎ᠠ᠃ 

ᠥᠢᠯᠠᠭᠠᠬᠰᠠᠨ ᠢᠶᠠᠷ᠂ ᠪᠡᠶ᠎ᠡ ᠶᠢᠨ ᠲᠠᠮᠢᠷ ᠤᠨ ᠪᠣᠯᠪᠠᠰᠤᠷᠠᠯ ᠪᠤᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠪᠣᠯ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ᠵᠥᠪᠰᠢᠶᠡᠷᠡᠭᠰᠡᠨ ᠲᠤᠰᠠᠭᠠᠷ ᠤᠷᠢᠳᠴᠢᠯᠠᠨ ᠰᠤᠷᠤᠭᠴᠢ ᠡᠯᠰᠡᠬᠦ ᠶᠢ ᠬᠡᠷᠡᠭᠵᠢᠭᠦᠯᠬᠦ ᠬᠤᠶᠠᠷ ᠲᠤᠰᠬᠠᠶ ᠮᠡᠷᠭᠡᠵᠢᠯ ᠪᠣᠯᠤᠨ᠎ᠠ᠃ ᠪᠢᠷ ᠤᠨ ᠰᠢᠯᠭᠠᠯᠲᠠ ᠶᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ᠨᠢᠭᠡᠳᠦᠯᠲᠡᠶ ᠭᠠᠷᠭᠠᠵᠤ᠂ ᠪᠡᠶ᠎ᠡ ᠶᠢᠨ ᠲᠠᠮᠢᠷ ᠤᠨ ᠲᠤᠰᠬᠠᠶ ᠵᠦᠶ᠋ᠯ ᠤᠨ ᠰᠢᠯᠭᠠᠯᠲᠠ ᠳᠤ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠭᠰᠠᠨ ᠨᠢᠭᠡᠳᠦᠯᠲᠡᠶ ᠰᠢᠯᠭᠠᠯᠲᠠ ᠶᠢᠨ ᠠᠷᠭ᠎ᠠ ᠪᠠ ᠬᠤᠪᠢ ᠣᠯᠭᠤᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠰᠤᠷᠤᠭᠴᠢ ᠡᠯᠰᠡᠬᠦ ᠶᠡᠭᠡ ᠳᠡᠭᠡᠳᠤ ᠰᠤᠷᠭᠠᠭᠤᠯᠢ ᠨᠤᠭᠤᠳ ᠪᠢᠷ ᠤᠨ ᠰᠢᠯᠭᠠᠯᠳᠠ ᠪᠠ ᠪᠡᠶ᠎ᠡ ᠶᠢᠨ ᠲᠠᠮᠢᠷ ᠤᠨ ᠲᠤᠰᠬᠠᠶ ᠵᠦᠶ᠋ᠯ ᠤᠨ ᠰᠢᠯᠭᠠᠯᠲᠠ ᠵᠢᠴᠢ ᠰᠤᠷᠤᠭᠴᠢ ᠡᠯᠰᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠰᠡᠭᠦ ᠤᠶᠤᠳᠠᠨ ᠤ ᠨᠡᠷᠡᠰ ᠢᠶᠠᠨ ᠰᠤᠷᠤᠭᠴᠢ ᠶᠢᠨ ᠢᠷᠡᠯᠲᠡ ᠶᠢᠨ ᠮᠤᠵᠢ ᠤᠷᠤᠨ ᠤ ᠳᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠳᠠ ᠶᠢᠨ ᠲᠥᠪ ᠤᠨ ᠠᠯᠪᠠᠨ ᠭᠡᠷ ᠪᠣᠯᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠲᠥᠷᠥᠯ ᠤᠨ ᠨᠡᠷ᠎ᠡ ᠮᠡᠳᠡᠭᠦᠯᠬᠦ ᠴᠠᠭ ᠢ ᠶᠡᠷᠦ ᠳᠡᠭᠡᠨ ᠲᠣᠰ ᠵᠢᠯ ᠤᠨ 1 ᠰᠠᠷ᠎ᠠ ᠶᠢᠨ 1 — 15 ᠤ ᠡᠳᠦᠷ ᠲᠤ ᠲᠤᠬᠢᠷᠠᠭᠤᠯᠵᠥ᠂ ᠬᠥᠯ ᠪᠥᠮᠪᠦᠭᠡ ᠪᠤᠯᠤᠨ ᠪᠤᠰᠤᠳ ᠲᠥᠷᠥᠯ ᠵᠦᠶ᠋ᠯ ᠤᠨ ᠨᠡᠷ᠎ᠡ ᠮᠡᠳᠡᠭᠦᠯᠬᠦ ᠴᠠᠭ ᠢ ᠶᠡᠷᠦ ᠳᠡᠭᠡᠨ ᠲᠣᠰ ᠵᠢᠯ ᠤᠨ 3 ᠰᠠᠷ᠎ᠠ ᠶᠢᠨ 1 — 15 ᠤ ᠡᠳᠦᠷ ᠲᠤ ᠲᠤᠬᠢᠷᠠᠭᠤᠯᠤᠬᠰᠠᠨ ᠪᠠᠶᠢᠳᠠᠬ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ