d3d5b30c-5ead-4c2c-9977-378eda7f1134.jpg

ᠤᠷᠴᠢᠮᠬᠠᠨ ᠳᠤᠮᠳᠠᠳᠤ ᠤᠯᠤᠰ ᠤᠨ ᠮᠤᠷᠢᠨ ᠮᠡᠷᠭᠡᠵᠢᠯ ᠤᠨ ᠭᠤᠷᠪᠠᠨᠲᠦᠷᠦᠯ ᠤᠨ ᠤᠷᠤᠯᠳᠤᠭᠠᠨ ᠤ ᠪᠦᠯᠬᠦᠮ ᠨᠢ 2020 ᠤᠨ ᠤ ᠲᠤᠤᠺᠢᠣ᠋ ᠶᠢᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠭᠡᠯ ᠰᠢᠯᠭᠠᠷᠠᠭᠤᠯᠤᠯᠲᠠ ᠶᠢᠨ ᠤᠷᠤᠯᠳᠤᠭᠠᠨ ᠳᠤ 135.4ᠬᠤᠪᠢ ᠶᠢᠨ ᠬᠢᠷᠢ ᠪᠦᠲᠦᠮᠵᠢ ᠪᠠᠷ ᠬᠠᠮᠲᠤ ᠨᠡᠶᠢᠲᠡ ᠶᠢᠨ ᠬᠤᠶᠠᠳᠤᠭᠠᠷ ᠨᠡᠷ᠎ᠡ ᠶᠢᠨ ᠰᠢᠯᠢᠳᠡᠭ ᠬᠢᠷᠢ ᠪᠦᠲᠦᠮᠵᠢ ᠶᠢ ᠤᠯᠵᠤ᠂ ᠠᠮᠵᠢᠯᠲᠠ ᠲᠠᠢ ᠪᠠᠷ 2020 ᠤᠨ ᠤ ᠲᠤᠤᠺᠢᠣ᠋ ᠶᠢᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠦᠯᠬᠦᠮ ᠨᠡᠶᠢᠲᠡ ᠶᠢᠨ ᠤᠷᠤᠯᠳᠤᠭᠠᠨ ᠳᠤ ᠤᠷᠤᠯᠴᠠᠬᠤ ᠡᠷᠬᠡ ᠶᠢ ᠤᠯᠵᠠᠢ᠃ ᠡᠨᠡ ᠨᠢ ᠮᠦᠨ ᠴᠤ ᠳᠤᠮᠳᠠᠳᠤ ᠤᠯᠤᠰ ᠤᠨ ᠮᠤᠷᠢᠨ ᠮᠡᠷᠭᠡᠵᠢᠯ ᠤᠨ ᠠᠩᠭᠢ ᠠᠩᠬ᠎ᠠᠤᠳᠠᠭ᠎ᠠ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠤᠷᠢᠨ ᠮᠡᠷᠭᠡᠵᠢᠯ ᠤᠨ ᠭᠤᠷᠪᠠᠨ ᠲᠦᠷᠦᠯ ᠤᠨ ᠤᠷᠤᠯᠳᠤᠭᠠᠨ ᠤ ᠪᠦᠯᠬᠦᠮ ᠨᠡᠶᠢᠲᠡ ᠶᠢᠨ ᠤᠷᠤᠯᠳᠤᠭᠠᠨ ᠳᠤ ᠤᠷᠤᠯᠴᠠᠬᠤ ᠡᠷᠬᠡ ᠶᠢ ᠤᠯᠤᠭᠰᠠᠨ ᠶᠠᠪᠤᠳᠠᠯ ᠪᠤᠯᠵᠠᠢ᠃ ᠨᠡᠩ ᠳᠤᠷᠠᠳᠤᠭᠤᠰᠢᠲᠠᠢ ᠨᠢ ᠡᠨᠡ ᠤᠳᠠᠭᠠᠨ ᠤ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠷᠤᠯᠴᠠᠬᠤ ᠡᠷᠬᠡ ᠶᠢ ᠤᠯᠤᠭᠰᠠᠨ ᠤᠨᠤᠭᠠᠴᠢ ᠪᠤᠤ ᠶᠢᠩ ᠹᠧᠩ ᠪᠤᠯ ᠮᠠᠨ ᠤ ᠤᠷᠤᠨ ᠤ ᠲᠦᠩᠯᠢᠶᠤᠤ ᠬᠤᠲᠠ ᠶᠢᠨ ᠬᠦᠷᠢᠶ᠎ᠡ ᠬᠤᠰᠢᠭᠤᠨ ᠤ ᠡᠯᠡᠰᠦᠨ ᠪᠠᠯᠭᠠᠰᠤᠨ ᠤ ᠪᠠᠪᠠᠢ ᠭᠠᠴᠠᠭ᠎ᠠ ᠪᠠᠷ ᠨᠤᠲᠤᠭᠲᠠᠢ ᠮᠤᠩᠭᠤᠯ ᠵᠠᠯᠠᠭᠤ ᠪᠤᠯᠤᠨ᠎ᠠ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ