4b2c22b7-a3c0-4542-9abf-5d10be8454e8.jpg

2019 ᠣᠨ ᠤ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ》 ᠪᠦᠬᠦ ᠤᠯᠤᠰ ᠤᠨ ᠲᠠᠪᠤᠨ ᠬᠥᠮᠦᠨ ᠤ ᠳᠦᠷᠢᠮᠲᠦ ᠴᠢᠩᠭᠡᠯᠢᠭᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠲᠥᠷᠥᠬᠦᠬᠡᠨ ᠬᠥᠬᠡᠬᠤᠲᠠ ᠳᠤ ᠶᠠᠪᠤᠬᠳᠠᠵᠤ᠂ ᠬᠥᠯᠥᠨ ᠪᠤᠶᠢᠷ ᠬᠤᠳᠠ ᠶᠢᠨ ᠰᠢᠤᠸᠠᠢ ᠯᠠᠩ ᠬᠥᠯ ᠪᠥᠮᠪᠦᠭᠡ ᠶᠢᠨ ᠠᠩᠭᠢ ᠮᠠᠩᠯᠠᠶᠢᠯᠠᠪᠠ᠃ ᠭᠠᠨᠰᠦ ᠮᠤᠵᠢ ᠶᠢᠨ ᠮᠠ ᠰᠧ ᠯᠢ ᠬᠥᠯ ᠪᠥᠮᠪᠦᠭᠡ ᠶᠢᠨ ᠺᠯᠦ᠋ᠪ ᠤᠨ ᠠᠩᠭᠢ ᠲᠠᠳ᠋ᠯᠠᠵᠥ᠂ ᠤᠯᠠᠭᠠᠨᠬᠠᠳᠠ ᠶᠢᠨ ᠬᠤᠩ ᠱᠠᠨ ᠵᠢᠶᠦ᠋ᠨ ᠬᠥᠯ ᠪᠥᠮᠪᠦᠭᠡ ᠶᠢᠨ ᠠᠩᠭᠢ ᠭᠤᠷᠪᠠᠳᠤᠭᠠᠷ ᠲᠤ ᠤᠷᠤᠬᠰᠠᠨ ᠪᠠᠶᠢᠨ᠎ᠠ᠃

ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ 4 ᠡᠳᠦᠷ ᠶᠠᠪᠤᠭᠳᠠᠵᠤ᠂ ᠪᠥᠬᠦ ᠤᠯᠤᠰ ᠤᠨ 5 ᠮᠣᠵᠢ ᠬᠤᠲᠠ ᠶᠢᠨ 24 ᠲᠥᠯᠥᠭᠡᠯᠡᠭᠴᠢ ᠶᠢᠨ ᠠᠩᠭᠢ ᠶᠢᠨ 300 ᠭᠠᠷᠤᠶ ᠲᠠᠮᠢᠷᠴᠢᠨ ᠨᠣᠭᠤᠭᠠᠨ ᠵᠦᠯᠭᠡᠨ ᠳᠡᠭᠡᠷ᠎ᠡ ᠬᠥᠴᠥᠨ ᠴᠢᠳᠠᠯ ᠢᠶᠠᠨ ᠰᠢᠪᠬᠠᠵᠥ ᠮᠦᠷᠦ᠋ᠢᠴᠡᠭᠰᠡᠨ ᠪᠠᠶᠢᠨ᠎ᠠ᠃ ᠡᠭᠦᠨ ᠳᠤ ᠭᠠᠨᠰᠤ ᠮᠤᠵᠢ ᠶᠢᠨ ᠮᠠ ᠰᠧ ᠯᠢ ᠬᠥᠯ ᠪᠥᠮᠪᠦᠭᠡ ᠶᠢᠨ ᠺᠯᠦ᠋ᠪ ᠤᠨ ᠠᠩᠭᠢ ᠪᠣᠯᠤᠨ ᠬᠥᠯᠥᠨ ᠪᠤᠶᠢᠷ ᠬᠤᠳᠠ ᠶᠢᠨ ᠰᠢᠤᠸᠠᠢ ᠯᠠᠩ ᠬᠦ᠋ᠯ ᠪᠥᠮᠪᠦᠭᠡ ᠶᠢᠨ ᠠᠩᠭᠢ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠭᠡ ᠶᠢ ᠤᠯᠵᠥ᠂ ᠰᠢᠢᠳᠪᠤᠷᠢᠳᠤ ᠤᠷᠤᠯᠳᠤᠭᠠᠨ ᠳᠤ ᠰᠢᠤᠸᠠᠢ ᠯᠠᠩ ᠠᠩᠭᠢ ᠶᠢᠨ ᠲᠠᠮᠢᠷᠴᠢᠳ 2᠄ 0 ᠬᠤᠪᠢ ᠶᠢᠨ ᠬᠠᠷᠢᠴᠠᠯ ᠢᠶᠠᠷ ᠡᠰᠡᠷᠬᠦ ᠡᠳᠡᠭᠡᠳ ᠢᠶᠠᠨ ᠢᠯᠠᠵᠥ ᠤᠷᠤᠯᠳᠤᠭᠠᠨ ᠳᠤ ᠮᠠᠩᠯᠠᠶᠢᠯᠠᠬᠰᠠᠨ ᠪᠠᠶᠢᠨ᠎ᠠ᠃  

a53a5832-6c1b-4f37-a44a-bc4e7ef4d6dc.jpg

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ     

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ