11 ᠰᠠᠷ᠎ᠠ ᠶᠢᠨ 30 ᠤ ᠡᠳᠦᠷ᠂ 2019 ᠤᠨ ᠤ ᠳᠡᠯᠡᠬᠡᠢ ᠶᠢᠨ  ᠰᠢᠳᠡᠷ᠎ᠡ ᠶᠢ  ᠪᠠᠷᠠᠭᠤᠨ  ᠤᠷᠤᠨ ᠤ  ᠶᠡᠭᠡ‌‍ ᠰᠤᠷᠭᠠᠭᠤᠯᠢ ᠳᠤ ᠲᠦᠭᠡᠮᠡᠯᠵᠢᠭᠦᠯᠬᠦ ᠢᠨᠵᠧᠨᠧᠷᠢᠩ ᠤᠨ ᠦᠪᠦᠷ ᠮᠤᠩᠭᠤᠯ ᠳᠠᠬᠢ ᠠᠵᠢᠯᠯᠠᠭ᠎ᠠ ᠦᠪᠦᠷ ᠮᠤᠩᠭᠤᠯ ᠤᠨ  ᠪᠠᠭᠰᠢ ᠵᠢᠨ‌‍ ᠶᠡᠭᠡ ᠰᠤᠷᠭᠠᠭᠤᠯᠢ ᠳᠤ ᠶᠠᠪᠤᠬᠳᠠᠪᠠ᠃ ᠲᠤᠰ ᠠᠵᠢᠯᠯᠠᠭ᠎ᠠ ᠶᠢ ᠤᠯᠤᠰ ᠤᠨ ᠪᠡᠶ᠎ᠡ ᠶᠢᠨ  ᠳᠠᠮᠢᠷ ᠤᠨ  ᠶᠡᠷᠦᠩᠬᠡᠢ  ᠲᠤᠪᠴᠢᠶ᠎ᠠ ᠵᠢᠨ‌‍ ᠰᠢᠳᠠᠷ᠎ᠠ ᠶᠢᠨ ᠳᠠᠮᠢᠷ ᠤᠨ ᠲᠤᠬᠯᠠᠭᠠᠮ ᠤᠨ ᠬᠠᠮᠢᠶᠠᠷᠤᠯᠳᠠ ᠶᠢᠨ ᠲᠦᠪ᠂  ᠳᠤᠮᠳᠠᠳᠤ  ᠤᠯᠤᠰ ᠤᠨ  ᠳᠡᠯᠡᠬᠡᠢ ᠶᠢᠨ  ᠰᠢᠳᠡᠷ᠎ᠡ ᠵᠢᠨ‌ ᠨᠡᠶᠢᠭᠡᠮᠯᠢᠭ᠂ ᠳᠤᠮᠳᠠᠳᠤ ᠤᠯᠤᠰ ᠤᠨ ᠤᠶᠤᠳᠠᠳ ᠤᠨ ᠪᠡᠶ᠎ᠡ ᠶᠢᠨ ᠳᠠᠮᠢᠷ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂  ᠦᠪᠦᠷ‌ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠤᠯᠤᠨ ᠦᠪᠦᠷ ᠮᠤᠩᠭᠤᠯ ᠤᠨ  ᠳᠡᠯᠡᠭᠡᠢ ᠶᠢᠨ  ᠰᠢᠳᠡᠷ᠎ᠡ ᠶᠢᠨ  ᠨᠡᠶᠢᠭᠡᠮᠯᠢᠭ ᠡᠴᠠ‌‍ᠲ᠋ᠠᠭᠠᠭᠠᠴᠢᠯᠠᠨ ᠡᠷᠬᠢᠯᠡᠪᠡ᠃

ᠠᠵᠢᠯᠯᠠᠭ᠎ᠠ ᠳᠤ  ᠳᠤᠮᠳᠠᠳᠤ   ᠤᠯᠤᠰ ᠤᠨ   ᠳᠡᠯᠡᠬᠡᠢ ᠶᠢᠨ ᠰᠢᠳᠡᠷ᠎ᠡ ᠶᠢᠨ ᠡᠷᠡᠭᠳᠡᠢ ᠶᠢᠨ ᠠᠩᠬᠢ ᠵᠢᠨ‌‍ ᠲ᠋ᠠᠰᠬᠠᠯᠵᠢᠭᠤᠯᠤᠬᠴᠢ᠂ ᠳᠡᠯᠡᠬᠡᠢ ᠶᠢᠨ  ᠰᠢᠳᠡᠷ᠎ᠡ ᠶᠢᠨ ᠤᠨᠴᠠ ᠳᠡᠰ ᠤᠨ ᠮᠠᠰᠲᠧᠷ  ᠰᠢᠦᠢ  ᠵᠢᠶᠦ᠋ᠨ  ᠨᠠᠷ  ᠤᠷᠤᠯᠴᠠᠵᠤ᠂ᠳᠡᠯᠡᠬᠡᠢ ᠶᠢᠨ ᠰᠢᠳᠡᠷ᠎ᠡ ᠶᠢᠨ ᠬᠦᠭᠵᠢᠯᠳᠡ ᠪᠤᠶᠤ ᠢᠷᠡᠯᠳᠡ᠂ ᠳᠤᠮᠳᠠᠳᠤ ᠤᠯᠤᠰ ᠤᠨ ᠳᠡᠯᠡᠬᠡᠢ ᠶᠢᠨ ᠰᠢᠳᠡᠷ᠎ᠡ ᠶᠢᠨ  ᠤᠳᠤᠬᠠᠨ ‍ᠤ‌‍ᠪᠠᠶᠢᠳᠠᠯ ᠬᠢᠭᠡᠳ ᠦᠷ᠎ᠡ ᠪᠦᠲᠦᠬᠡᠯ᠂ ᠤᠯᠠᠮᠵᠢᠯᠠᠯ ᠳᠠᠷᠬᠠᠯᠳᠠ ᠵᠡᠷᠭᠡ ᠲᠠᠯ᠎ᠠ ᠠᠴᠠ ᠳᠠᠨᠢᠯᠴᠠᠭᠤᠯᠤᠨ  ᠶᠠᠷᠢᠯᠴᠠᠪᠠ᠃ ᠠᠵᠢᠯᠯᠠᠭ᠎ᠠ‌‍ ᠲ᠋ᠡᠭᠡᠷ᠎ᠡ ᠪᠠᠰᠠ ᠦᠪᠦᠷ ᠮᠤᠩᠭᠤᠯ ᠤᠨ ᠳᠡᠯᠡᠬᠡᠢ ᠶᠢᠨ ᠰᠢᠳᠡᠷ᠎ᠡ ᠶᠢᠨ ᠨᠡᠶᠢᠭᠡᠮᠯᠢᠭ ᠠᠴᠠ ᠦᠪᠦᠷ ᠮᠤᠩᠭᠤᠯ ᠤᠨ ᠪᠠᠭᠰᠢ ᠶᠢᠨ  ᠶᠡᠭᠡ‌‍ᠰᠤᠷᠭᠠᠭᠤᠯᠢ ᠳᠤ ᠰᠢᠳᠡᠷ᠎ᠡ ᠪᠠ ᠰᠢᠳᠠᠷ᠎ᠠ ᠶᠢᠨ ᠴᠠᠭ ᠵᠢᠴᠢ  ᠨᠤᠮ  ᠬᠦᠷᠭᠡᠬᠦ  ᠶᠤᠰᠤᠯᠠᠯ  ᠶᠠᠪᠤᠭᠤᠯᠤᠭᠰᠠᠨ  ᠪᠠᠶᠢᠨ᠎ᠠ᠃  ᠦᠪᠦᠷ‌ᠮᠤᠩᠭᠤᠯ ᠤᠨ ᠰᠢᠳᠡᠷ᠎ᠡ ᠶᠢᠨ ᠨᠡᠶᠢᠭᠡᠮᠯᠢᠭ ᠤᠨ ᠲᠡᠷᠢᠭᠦᠯᠡᠭᠴᠢ ᠬᠠᠢ ᠶᠢᠩ᠄《ᠳᠡᠯᠡᠬᠡᠢ ᠶᠢᠨ  ᠰᠢᠳᠡᠷ᠎ᠡ ᠶᠢ  ᠪᠠᠷᠠᠭᠤᠨ  ᠤᠷᠤᠨ ‍ᠤ‌‍ᠶᠡᠭᠡ ᠰᠤᠷᠭᠠᠭᠤᠯᠢ ᠳᠤ ᠲᠦᠭᠡᠮᠡᠯᠵᠢᠭᠦᠯᠬᠦ ᠢᠨᠵᠧᠨᠧᠷᠢᠩ ᠨᠢ ᠮᠠᠨ ᠤ ᠤᠯᠤᠰ ᠤᠨ ᠪᠠᠷᠠᠭᠤᠨ ᠤᠷᠤᠨ ᠤ 10  ᠮᠤᠵᠢ  ᠬᠤᠳᠠ ᠵᠢ‌‍ ᠰᠤᠩᠭᠤᠨ  ᠶᠡᠭᠡ ᠳᠡᠭᠡᠳᠦ ᠰᠤᠷᠭᠠᠭᠤᠯᠢ ᠳᠤ ᠤᠷᠤᠭᠤᠯᠵᠤ  ᠪᠤᠢ᠃  ᠶᠡᠭᠡ  ᠰᠤᠷᠭᠠᠭᠤᠯᠢ ᠳᠤ ᠳᠡᠯᠡᠬᠡᠢ ᠶᠢᠨ ᠰᠢᠳᠡᠷ᠎ᠡ ᠵᠢ‌ᠤᠷᠤᠭᠤᠯᠬᠤ ᠪᠤᠯ ᠮᠠᠰᠢ ᠴᠠᠬ ᠲᠠᠭᠠᠨ ᠲᠤᠬᠢᠷᠠᠬᠰᠠᠨ ᠠᠷᠭ᠎ᠠ ᠬᠢᠳᠡᠯ ᠪᠤᠯᠤᠨ᠎ᠠ᠂ ᠤᠴᠢᠷ ᠨᠢ ᠶᠡᠭᠡ ᠰᠤᠷᠭᠠᠭᠤᠯᠢ ᠳᠤ ᠳᠡᠯᠡᠬᠡᠢ ᠵᠢᠨ‌‍ᠰᠢᠳᠡᠷ᠎ᠠ ᠤᠷᠤᠵᠤ ᠢᠷᠡᠪᠡᠯ ᠨᠡᠩ ᠤᠯᠠᠨ ᠳᠡᠯᠡᠬᠡᠢ ᠶᠢᠨ ᠰᠢᠳᠠᠷ᠎ᠠ ᠶᠢ ᠰᠠᠶᠢᠨ ᠮᠡᠳᠡᠬᠦ ᠪᠠᠭᠰᠢ ᠨᠠᠷ ᠢ ᠬᠦᠮᠦᠵᠢᠭᠦᠯᠵᠤ᠂ ᠬᠤᠵᠢᠮ‌‍ ᠲ᠋ᠤᠮᠳᠠᠳᠤ ᠪᠠᠭ᠎ᠠ ᠰᠤᠷᠭᠠᠭᠤᠯᠢ ᠳᠤ ᠨᠡᠩ ᠰᠠᠶᠢᠨ ᠢᠶᠠᠷ ᠤᠯᠠᠮᠵᠢᠯᠠᠵᠤ ᠴᠢᠳᠠᠬᠤ ᠶᠤᠮ》ᠭᠡᠵᠤ ᠶᠠᠷᠢᠯ᠎ᠠ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ