ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠬᠠᠭᠤᠷᠠᠶ ᠲᠡᠭᠡᠷᠡᠬᠢ ᠮᠥᠰᠥᠨ ᠳᠡᠪᠦᠷ᠎ᠡ ᠶᠢᠨ ᠤᠷᠤᠯᠳᠤᠭᠠᠨ ᠢ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠢᠩᠬᠢᠨᠢ ᠤᠷᠤᠯᠳᠤᠭᠠᠨ ᠤ ᠲᠥᠷᠥᠯ ᠢᠶᠠᠷ ᠲᠤᠬᠳᠠᠭᠠᠵᠥ᠂ ᠲᠤᠰ ᠬᠤᠭᠤᠴᠠᠭᠠᠨ ᠤ ᠮᠥᠰᠤᠨ ᠲᠠᠪᠤᠷ᠎ᠠ ᠶᠢᠨ ᠤᠷᠤᠯᠳᠤᠭᠠᠨ ᠢ ᠬᠥᠬᠡᠬᠤᠳᠠ ᠳᠤ ᠶᠠᠪᠤᠬᠳᠠᠭᠤᠯᠬᠤ ᠪᠠᠷ ᠪᠤᠯᠪᠠ᠃ ᠥᠢᠯᠠᠭᠠᠬᠰᠠᠨ ᠢᠶᠠᠷ᠂ ᠰᠢᠨ᠎ᠡ ᠪᠠᠷ ᠪᠠᠶᠢᠭᠤᠯᠤᠭᠳᠠᠬᠰᠠᠨ ᠮᠠᠨ ᠤ ᠤᠷᠤᠨ ᠤ ᠬᠠᠭᠤᠷᠠᠶ ᠲᠡᠭᠡᠷᠡᠬᠢ ᠮᠥᠰᠥᠨ ᠳᠡᠪᠦᠷ᠎ᠡ ᠶᠢᠨ ᠠᠩᠭᠢ ᠤᠳᠤ ᠶᠠᠭ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠮᠥᠰᠥᠨ ᠳᠡᠪᠦᠷ᠎ᠡ ᠶᠢᠨ ᠣᠷᠳᠣᠨ ᠳᠤ ᠪᠠᠴᠢᠮ ᠶᠠᠭᠠᠷᠠᠯᠲᠠᠶ ᠰᠤᠷᠢᠭ᠎ᠠ ᠪᠣᠯᠪᠠᠰᠤᠷᠠᠯ ᠬᠢᠵᠦ ᠪᠤᠢ᠃

ᠡᠨᠡ ᠵᠢᠯ ᠤᠨ 3 ᠰᠠᠷ᠎ᠠ ᠳᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠬᠦᠨᠳᠦ ᠬᠥᠩᠭᠡᠨ ᠲᠠᠮᠢᠷ ᠤᠨ ᠠᠩᠭᠢ᠂ ᠬᠥᠯ ᠪᠥᠮᠪᠦᠭᠡ ᠶᠢᠨ ᠠᠩᠭᠢ ᠵᠡᠷᠭᠡ ᠪᠣᠯᠪᠠᠰᠤᠷᠠᠯ ᠤᠨ ᠠᠩᠭᠢ ᠠᠴᠠ ᠴᠢᠳᠠᠪᠤᠷᠢᠲᠠᠨ ᠰᠣᠩᠭᠤᠵᠤ᠂ ᠬᠠᠭᠤᠷᠠᠶ ᠲᠡᠭᠡᠷᠡᠬᠢ ᠮᠥᠰᠥᠨ ᠳᠡᠪᠦᠷ᠎ᠡ ᠶᠢᠨ ᠠᠩᠭᠢ ᠶᠢ ᠵᠣᠬᠢᠶᠠᠨ ᠪᠠᠶᠢᠭᠤᠯᠪᠠ᠃ ᠬᠠᠭᠠᠰ ᠵᠢᠯ ᠤᠨ ᠲᠤᠷᠰᠢ᠂ ᠠᠩᠭᠢ ᠶᠢᠨ ᠭᠡᠰᠢᠭᠦᠳ ᠬᠠᠭᠤᠷᠠᠶ ᠲᠡᠭᠡᠷᠡᠬᠢ ᠮᠥᠰᠥᠨ ᠳᠡᠪᠦᠷ᠎ᠡ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠠᠴᠠ ᠡᠬᠢᠯᠡᠨ ᠰᠤᠷᠤᠯᠴᠠᠵᠤ᠂ ᠠᠯᠬᠤᠮ ᠠᠯᠬᠤᠮ ᠢᠶᠠᠷ ᠰᠤᠷᠤᠯᠴᠠᠨ ᠪᠣᠯᠪᠠᠰᠤᠷᠠᠬᠤ ᠪᠠᠷ ᠳᠠᠮᠵᠢᠨ ᠤᠷᠤᠯᠳᠤᠭᠠᠨ ᠤ ᠲᠠᠯᠠᠪᠠᠢ ᠳᠤ ᠭᠠᠷᠤᠬᠰᠠᠨ ᠪᠠᠶᠢᠨ᠎ᠠ᠃

ᠥᠪᠥᠷ ᠮᠣᠩᠭᠤᠯ ᠤᠨ ᠬᠠᠭᠤᠷᠠᠶ ᠲᠡᠭᠡᠷᠡᠬᠢ ᠮᠥᠰᠥᠨ ᠳᠡᠪᠦᠷ᠎ᠡ ᠶᠢᠨ ᠶᠡᠷᠦᠩᠬᠡᠶ ᠳᠠᠰᠬᠠᠯᠵᠢᠭᠤᠯᠤᠭᠴᠢ ᠯᠢ ᠰᠢᠨ ᠪᠥᠸᠧ ᠶᠢᠨ ᠲᠠᠨᠢᠯᠴᠠᠭᠤᠯᠬᠤ ᠪᠠᠷ᠂ ᠲᠠᠮᠢᠷᠴᠢᠳ ᠡᠩ ᠤᠨ ᠴᠠᠭ ᠲᠠᠭᠠᠨ ᠨᠠᠷᠢᠨ ᠬᠢᠨᠠᠮᠠᠭᠠᠢ ᠰᠢᠷᠭᠠᠭᠤ ᠬᠠᠲᠠᠭᠤᠵᠢᠯᠲᠠᠶ ᠪᠣᠯᠪᠠᠰᠤᠷᠠᠵᠥ ᠪᠤᠢ᠃ ᠰᠤᠷᠭᠠᠭᠤᠯᠢᠯᠠᠯ ᠤᠨ ᠳᠤᠮᠳᠠ ᠳᠠᠷᠤᠶ ᠤᠷᠤᠯᠳᠤᠭᠠᠨ ᠢᠶᠠᠷ ᠰᠤᠷᠭᠠᠭᠤᠯᠢᠯᠠᠯ ᠢ ᠣᠷᠣᠯᠠᠭᠤᠯᠵᠤ᠂ ᠲᠠᠮᠢᠷᠴᠢᠳ ᠤᠨ ᠪᠡᠶ᠎ᠠ ᠰᠡᠳᠬᠢᠯ ᠤᠨ ᠪᠤᠯᠪᠠᠰᠤᠷᠠᠯ ᠢ ᠴᠤ ᠴᠢᠩᠭ᠎ᠠ ᠠᠳᠬᠤᠵᠤ ᠪᠤᠢ ᠬᠡᠵᠡᠢ᠃

ᠬᠠᠭᠠᠰ ᠵᠢᠯ ᠭᠠᠷᠤᠶ ᠶᠢᠨ ᠪᠣᠯᠪᠠᠰᠤᠷᠠᠯ ᠪᠠ ᠤᠷᠤᠯᠳᠤᠭᠠᠨ ᠢᠶᠠᠷ ᠳᠠᠮᠵᠢᠨ᠂ ᠲᠠᠮᠢᠷᠴᠢᠳ ᠨᠢᠭᠡᠨᠲᠡ ᠤᠷᠤᠯᠳᠤᠭᠠᠨ ᠤ ᠤᠷ᠎ᠠ ᠮᠡᠷᠭᠡᠵᠢᠯ ᠢ ᠪᠣᠯᠪᠠᠰᠤᠷᠠᠩᠭᠤᠶ ᠬᠡᠷᠡᠭᠯᠡᠵᠦ ᠴᠢᠳᠠᠭᠰᠠᠨ ᠪᠠᠶᠢᠨ᠎ᠠ᠃ ᠡᠨᠡ ᠵᠢᠯ ᠤᠨ 9 ᠰᠠᠷ᠎ᠠ ᠳᠤ᠂ ᠪᠡᠭᠡᠵᠢᠩ ᠲᠢᠶᠠᠨᠵᠢᠨ ᠾᠧᠪᠧᠶ ᠶᠢᠨ ᠬᠠᠭᠤᠷᠠᠶ ᠳᠡᠭᠡᠷᠡᠬᠢ ᠮᠥᠰᠥᠨ ᠳᠡᠪᠦᠷ᠎ᠡ ᠶᠢᠨ ᠤᠷᠢᠯᠭ᠎ᠠ ᠶᠢᠨ ᠤᠷᠤᠯᠳᠤᠭᠠᠨ ᠳᠡᠭᠡᠷ᠎ᠡ᠂ ᠥᠪᠥᠷ ᠮᠣᠩᠭᠤᠯ ᠤᠨ ᠬᠠᠭᠤᠷᠠᠶ ᠳᠡᠭᠡᠷᠡᠬᠢ ᠮᠥᠰᠥᠨ ᠳᠡᠪᠦᠷ᠎ᠡ ᠶᠢᠨ ᠠᠩᠭᠢ ᠶᠢᠨ ᠡᠮᠡᠭᠲᠡᠶ ᠶᠢᠨ ᠠᠩᠭᠢ ᠮᠠᠩᠯᠠᠶᠢᠯᠠᠵᠠᠢ᠃

ᠢᠷᠡᠯᠳᠡ : 

 ᠲᠤᠰ ᠰᠦᠯᠵᠢᠶ᠎ᠡ     

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ