ᠠᠷᠪᠠᠨ ᠳᠥᠷᠪᠡᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠬᠦ ᠪᠤᠯᠳᠠᠯ᠎ᠠ 81 ᠡᠳᠤᠷ ᠪᠠᠶᠢᠨ᠎ᠠ᠃ 11 ᠰᠠᠷ᠎ᠠ ᠶᠢᠨ 27 ᠤ ᠡᠳᠤᠷ᠂ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠬᠥᠯᠢᠶᠡᠨ ᠠᠪᠬᠤ ᠪᠠᠳᠤᠯᠠᠭ᠎ᠠ ᠶᠢᠨ ᠠᠵᠢᠯ ᠤᠨ ᠲᠠᠩᠭᠠᠷᠢᠭᠯᠠᠨ ᠳᠠᠶᠢᠴᠢᠯᠠᠬᠤ ᠶᠡᠭᠡ ᠬᠤᠷᠠᠯ ᠮᠠᠨ ᠤ ᠬᠤᠳᠠ ᠳᠤ ᠶᠠᠪᠤᠭᠳᠠᠵᠤ᠂ ᠬᠠᠮᠢᠶ᠎ᠠ ᠪᠥᠬᠦᠢ ᠬᠤᠰᠢᠭᠤ ᠬᠤᠳᠠ ᠪᠤᠯᠤᠨ ᠡᠯ᠎ᠡ ᠠᠵᠢᠯ ᠤᠨ ᠬᠡᠯᠳᠡᠰ ᠵᠡᠷᠭᠡ ᠬᠤᠯᠪᠤᠭᠳᠠᠯ ᠪᠥᠬᠦᠢ ᠰᠠᠯᠠᠭ᠎ᠠ ᠮᠥᠴᠢᠷ ᠬᠠᠮᠤᠭ ᠰᠡᠭᠦᠯᠴᠢ ᠶᠢᠨ ᠰᠢᠪᠳᠤᠯᠤᠯᠳᠠ ᠶᠢᠨ ᠱᠠᠳᠤᠨ ᠤ ᠪᠡᠯᠡᠳᠭᠡᠯ ᠠᠵᠢᠯ ᠢ ᠰᠠᠶᠢᠳᠤᠷ ᠬᠢᠵᠤ᠂ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢ ᠳᠠᠶᠢᠴᠢᠯᠠᠨ ᠵᠤᠷᠢᠭᠵᠢᠭᠤᠯᠪᠠ᠃

《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ 》 ᠤ ᠪᠡᠯᠡᠳᠭᠡᠯ ᠺᠤᠮᠢᠰ ᠤᠨ ᠳᠡᠳ᠋ ᠨᠠᠷᠢᠨ ᠪᠢᠴᠢᠭ ᠤᠨ ᠳᠠᠷᠤᠭ᠎ᠠ᠂ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠬᠥᠯᠤᠨ ᠪᠤᠶᠢᠷ ᠤᠨ ᠭᠥᠢᠴᠡᠳᠭᠡᠬᠦ ᠺᠤᠮᠢᠰ ᠤᠨ ᠡᠷᠬᠢᠯᠡᠭᠴᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠥᠵᠢ᠂ ᠬᠤᠳᠠ ᠶᠢᠨ ᠳᠠᠷᠤᠭ᠎ᠠ ᠵᠢᠶᠠᠩ ᠬᠤᠨᠭ᠌ ᠬᠤᠷᠠᠯ ᠳᠤ ᠤᠷᠤᠯᠴᠠᠭᠰᠠᠨ ᠪᠥᠭᠡᠳ ᠶᠠᠷᠢᠶ᠎ᠠ ᠳᠠᠯᠪᠢᠵᠠᠢ᠃ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠪᠡᠯᠡᠳᠭᠡᠯ ᠺᠤᠮᠢᠰ ᠤᠨ ᠪᠠᠶᠢᠡᠭᠭᠤ ᠶᠢᠨ ᠳᠡᠳ᠋ ᠡᠷᠬᠢᠯᠡᠭᠴᠢ᠂ ᠥᠪᠡᠷᠳᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶᠠᠨ ᠤ ᠳᠡᠳ᠋ ᠳᠠᠷᠤᠭ᠎ᠠ ᠵᠢᠶᠠᠩ ᠪᠤᠤ ᠳ᠋ᠥ᠋ᠩ ᠳᠠᠶᠢᠴᠢᠯᠠᠯᠳᠠ ᠶᠢᠨ ᠶᠡᠭᠡ ᠬᠤᠷᠠᠯ ᠳᠤ ᠤᠷᠤᠯᠴᠠᠵᠤ᠂ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠬᠥᠯᠤᠨ ᠪᠤᠶᠢᠷ ᠤᠨ ᠭᠥᠢᠴᠡᠳᠭᠡᠬᠦ ᠺᠤᠮᠢᠰ ᠤᠨ ᠳᠡᠳ᠋ ᠡᠷᠬᠢᠯᠡᠭᠴᠢ᠂ ᠬᠥᠯᠢᠶᠡᠨ ᠠᠪᠬᠤ ᠪᠠᠳᠤᠯᠠᠭ᠎ᠠ ᠶᠢᠨ ᠬᠡᠯᠳᠡᠰ ᠤᠨ ᠳᠡᠳ᠋ ᠳᠠᠷᠤᠭ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᡁᠢ᠂ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠬᠥᠯᠤᠨ ᠪᠤᠶᠢᠷ ᠤᠨ ᠭᠥᠢᠴᠡᠳᠭᠡᠬᠦ ᠺᠤᠮᠢᠰ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠬᠥᠯᠶᠡᠨ ᠠᠪᠬᠤ ᠪᠠᠳᠤᠯᠠᠭ᠎ᠠ ᠶᠢᠨ ᠬᠡᠯᠳᠡᠰ ᠤᠨ ᠪᠠᠶᠢᠡᠭᠭᠤ ᠶᠢᠨ ᠳᠡᠳ᠋ ᠳᠠᠷᠤᠭ᠎ᠠ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠭᠥᠸᠧ ᠫᠢᠡᠭ ᠬᠥᠯᠢᠶᠡᠨ ᠠᠪᠬᠤ ᠪᠠᠳᠤᠯᠠᠭ᠎ᠠ ᠶᠢᠨ ᠬᠡᠯᠳᠡᠰ ᠤᠨ ᠪᠥᠬᠦᠯᠢ ᠴᠤᠭᠴᠠ ᠶᠢᠨ ᠠᠵᠢᠯ ᠤᠨ ᠪᠠᠶᠢᠳᠠᠯ ᠢ ᠮᠡᠳᠡᠭᠳᠡᠪᠡ᠃

ᠵᠢᠶᠠᠩ ᠬᠤᠨᠭ᠌ ᠵᠢᠭᠠᠬᠤ ᠳᠠᠭᠠᠨ᠂ 《ᠠᠷᠪᠠᠨ ᠳᠥᠷᠪᠳᠤᠭᠡᠷ ᠬᠤᠭᠤᠴᠠᠭᠠᠨ ᠤ ᠡᠪᠤᠯ ᠤᠨ ᠲᠠᠮᠢᠷ ᠤᠨ ᠴᠤᠭᠯᠠᠭᠠᠨ》 ᠢ ᠡᠷᠬᠢᠯᠡᠬᠦ ᠪᠤᠯ ᠮᠠᠨ ᠤ ᠬᠤᠳᠠ ᠶᠢᠨ ᠳᠠᠷᠬᠠᠨ ᠡᠭᠦᠷᠭᠡ ᠮᠥᠨ᠂ ᠨᠡᠩ ᠴᠤ ᠨᠢᠭᠡ ᠲᠥᠷᠤᠯ ᠤᠨ ᠤᠯᠤᠰ ᠲᠥᠷᠤ ᠶᠢᠨ ᠡᠭᠦᠷᠭᠡ ᠮᠥᠨ᠂ ᠬᠥᠯᠢᠶᠡᠨ ᠠᠪᠬᠤ ᠪᠠᠳᠤᠯᠠᠭ᠎ᠠ ᠶᠢᠨ ᠠᠵᠢᠯ ᠢ ᠰᠠᠶᠢᠳᠤᠷ ᠬᠢᠬᠦ ᠪᠤᠯ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠪᠠᠳᠤᠯᠠᠭ᠎ᠠ ᠪᠤᠯᠤᠨ᠎ᠠ᠃ ᠬᠠᠷᠢᠭᠤᠴᠠᠯᠭᠠᠳᠤ ᠰᠡᠳᠬᠢᠯᠭᠡ᠂ ᠢᠷᠡᠭᠤ ᠠᠯᠳᠠᠷᠳᠤ ᠰᠡᠳᠬᠢᠯᠭᠡ᠂ ᠳᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠯᠢᠶᠡᠨ ᠠᠪᠬᠤ ᠪᠠᠳᠤᠯᠠᠭ᠎ᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ᠠᠰᠠᠭᠤᠳᠠᠯ ᠢ ᠤᠷᠢᠳᠠᠪᠠᠷ ᠪᠤᠳᠤᠯᠬᠢᠯᠠᠵᠤ᠂ ᠠᠵᠢᠯ ᠢ ᠲᠥᠷᠦᠭᠦᠯᠡᠨ ᠬᠢᠵᠤ᠂ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠬᠥᠯᠢᠶᠡᠨ ᠠᠪᠬᠤ ᠪᠠᠳᠤᠯᠠᠭ᠎ᠠ ᠶᠢᠨ ᠡᠯ᠎ᠡ ᠲᠥᠷᠤᠯ ᠤᠨ ᠡᠭᠦᠷᠭᠡ ᠶᠢ ᠪᠥᠬᠦ ᠬᠥᠴᠤᠨ ᠢᠶᠠᠷ ᠪᠡᠶᠡᠯᠡᠭᠦᠯᠵᠤ᠂ ᠶᠠᠮᠠᠷ ᠴᠤ ᠤᠴᠢᠷ ᠭᠠᠷᠬᠤ ᠥᠭᠡᠢ᠂ ᠭᠤᠴᠤ ᠰᠠᠶᠢᠬᠠᠨ ᠪᠤᠯᠬᠤ ᠶᠢ ᠪᠠᠳᠤᠯᠠᠬᠤ ᠬᠡᠷᠡᠭᠲᠡᠢ ᠭᠡᠵᠡᠢ᠃

ᠵᠢᠶᠠᠩ ᠬᠤᠨᠭ᠌ ᠴᠢᠬᠤᠯᠠᠴᠢᠯᠠᠬᠤ ᠳᠠᠭᠠᠨ᠂ ᠵᠠᠩᠭᠢᠯᠠᠭ᠎ᠠ ᠶᠢᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠤ᠂ ᠬᠥᠯᠢᠶᠡᠨ ᠠᠪᠬᠤ ᠪᠠᠳᠤᠯᠠᠭ᠎ᠠ ᠶᠢᠨ ᠠᠵᠢᠯ ᠤᠨ ᠪᠠᠳᠤ ᠰᠠᠭᠤᠷᠢ ᠶᠢ ᠳᠠᠯᠪᠢᠵᠤ᠂ ᠵᠤᠴᠢᠳ ᠤᠨ ᠪᠠᠭᠤᠳᠠᠯ ᠡᠷᠬᠡᠪᠰᠢ ᠬᠠᠳᠠᠭᠤ ᠵᠥᠭᠡᠯᠡᠨ ᠳᠤᠨᠤᠭ ᠤᠨ ᠪᠠᠶᠢᠭᠤᠯᠤᠯᠳᠠ ᠶᠢᠨ ᠳᠠᠯ᠎ᠠ ᠪᠠᠷ ᠬᠥᠴᠤ ᠤᠷᠤᠭᠤᠯᠵᠤ᠂ ᠰᠢᠯᠢᠳᠡᠭ ᠤᠢᠢᠯᠡᠴᠢᠯᠡᠭᠡ ᠬᠠᠨᠭ᠍ᠭᠠᠬᠤ ᠬᠡᠷᠡᠭᠲᠡᠢ᠃ ᠬᠠᠮᠢᠶ᠎ᠠ ᠪᠥᠬᠦᠢ ᠠᠵᠢᠯ ᠤᠨ ᠬᠡᠯᠳᠡᠰ ᠢᠷᠡᠭᠰᠡᠨ ᠵᠤᠴᠢᠳ ᠤᠨ ᠢᠳᠡᠭᠡᠨ ᠤ ᠳᠠᠯ᠎ᠠ ᠪᠠᠷ ᠬᠢ ᠱᠠᠭᠠᠷᠳᠠᠯᠭ᠎ᠠ ᠶᠢ ᠨᠠᠷᠢᠯᠢᠭ ᠤᠢᠢᠯᠠᠭᠠᠵᠤ᠂ ᠢᠳᠡᠭᠡᠨ ᠤ ᠵᠦᠢᠯ ᠢ ᠬᠤᠳᠠᠯᠳᠤᠨ ᠠᠪᠬᠤ᠂ ᠵᠥᠭᠡᠭᠡᠪᠤᠷᠢᠯᠡᠬᠦ᠂ ᠬᠠᠳᠠᠭᠠᠯᠠᠬᠤ᠂ ᠪᠤᠯᠪᠠᠰᠤᠷᠠᠭᠤᠯᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠬᠠᠷᠢᠭᠤᠴᠠᠵᠤ᠂ ᠬᠠᠨᠤᠮᠵᠢᠳᠠᠢ ᠢᠳᠡᠭᠡᠨ ᠤ ᠤᠢᠢᠯᠡᠴᠢᠯᠡᠭᠡ ᠬᠠᠨᠭ᠍ᠭᠠᠬᠤ ᠪᠠᠷ ᠪᠥᠬᠦ ᠬᠥᠴᠤᠨ ᠢᠶᠠᠷ ᠴᠢᠷᠮᠠᠶᠢᠬᠤ ᠬᠡᠷᠡᠭᠲᠡᠢ᠃ ᠡᠯ᠎ᠡ ᠤᠷᠤᠯᠳᠤᠭᠠᠨ ᠤ ᠲᠤᠭᠤᠷᠢᠭ ᠤᠳᠤ ᠶᠢᠨ ᠪᠠᠶᠢᠭ᠎ᠠ ᠨᠡᠶᠢᠲᠡ ᠶᠢᠨ ᠮᠠᠰᠢᠨ᠂ ᠲᠥᠷᠢᠶᠡᠰᠤᠨ ᠮᠠᠰᠢᠨ ᠢ ᠨᠢᠭᠡᠳᠤᠯᠲᠡᠢ ᠲᠥᠯᠤᠪᠵᠢᠭᠦᠯᠤᠨ ᠲᠤᠬᠢᠷᠠᠭᠤᠯᠵᠤ᠂ ᠭᠤᠤᠯᠳᠠᠭᠤ ᠮᠠᠰᠢᠨ ᠲᠡᠷᠭᠡ ᠶᠢ ᠥᠭᠡᠷᠡᠴᠢᠯᠡᠨ ᠰᠠᠶᠢᠵᠢᠷᠠᠭᠤᠯᠵᠤ ᠳᠡᠰ ᠳᠡᠪᠰᠢᠭᠦᠯᠤᠨ᠂ ᠨᠢᠭᠡᠳᠤᠯᠲᠡᠢ ᠳᠡᠮᠳᠡᠭ ᠬᠡᠷᠡᠭᠯᠡᠵᠤ᠂ ᠠᠮᠤᠷ ᠲᠥᠪᠰᠢᠨ ᠵᠢᠯᠤᠭᠤᠳᠬᠤ᠂ ᠲᠡᠷᠭᠡ ᠶᠢ ᠰᠡᠯᠪᠢᠨ ᠵᠠᠰᠠᠬᠤ ᠵᠡᠷᠭᠡ ᠠᠵᠢᠯ ᠢ ᠰᠠᠶᠢᠳᠤᠷ ᠬᠢᠵᠤ᠂ ᠪᠠᠴᠢᠮ ᠠᠷᠭᠠᠴᠠᠬᠤ ᠲᠥᠰᠤᠯ ᠢ ᠲᠡᠭᠦᠯᠳᠡᠷᠵᠢᠭᠦᠯᠵᠤ᠂ ᠵᠠᠮ ᠬᠠᠷᠢᠯᠴᠠᠭ᠎ᠠ ᠲᠡᠷᠭᠡ ᠬᠥᠰᠬᠡ ᠶᠢᠨ ᠪᠠᠳᠤᠯᠠᠭ᠎ᠠ ᠶᠢ ᠡᠷᠬᠡᠪᠰᠢ ᠰᠠᠶᠢᠳᠤᠷ ᠠᠳᠬᠤᠬᠤ ᠬᠡᠷᠡᠭᠲᠡᠢ᠃ ᠠᠮᠤᠷ ᠢ ᠬᠠᠮᠠᠭᠠᠯᠠᠬᠤ ᠬᠡᠯᠳᠡᠰ ᠶᠡᠷᠤᠩᠬᠡᠢ ᠪᠠᠶᠢᠳᠠᠯ ᠢ ᠲᠥᠷᠤᠭᠦᠯᠤᠨ ᠠᠳᠬᠤᠵᠤ᠂ ᠠᠮᠤᠷ ᠢ ᠬᠠᠮᠠᠭᠠᠯᠠᠬᠤ᠂ ᠭᠠᠯ ᠢ ᠰᠡᠷᠬᠡᠶᠢᠯᠡᠬᠦ᠂ ᠵᠠᠬᠢᠳᠠᠯ ᠰᠤᠷᠪᠤᠯᠵᠢᠯᠠᠭ᠎ᠠ᠂ ᠵᠠᠮ ᠬᠠᠷᠢᠯᠴᠠᠭ᠎ᠠ᠂ ᠪᠠᠭᠤᠳᠠᠯ ᠵᠡᠷᠭᠡ ᠡᠯ᠎ᠡ ᠲᠠᠯ᠎ᠠ ᠶᠢᠨ ᠠᠮᠤᠷ ᠲᠥᠪᠰᠢᠨ ᠤ ᠪᠠᠳᠤᠯᠠᠭ᠎ᠠ ᠶᠢᠨ ᠠᠵᠢᠯ ᠢ ᠨᠠᠷᠢᠯᠢᠭ ᠪᠤᠳᠠᠳᠠᠢ ᠬᠢᠵᠤ᠂ ᠡᠯ᠎ᠡ ᠲᠥᠷᠤᠯ ᠤᠨ ᠠᠮᠤᠷ ᠲᠥᠪᠰᠢᠨ ᠤ ᠳᠠᠯᠳᠠ ᠭᠡᠮ ᠢ ᠪᠥᠬᠦ ᠲᠠᠯ᠎ᠠ ᠪᠠᠷ ᠢᠯᠭᠠᠨ ᠪᠠᠶᠢᠴᠠᠭᠠᠵᠤ ᠠᠷᠢᠯᠭᠠᠨ᠂ ᠶᠠᠮᠠᠷ ᠴᠤ ᠤᠴᠢᠷ ᠭᠠᠷᠬᠤ ᠥᠭᠡᠢ ᠪᠠᠶᠢᠬᠤ ᠶᠢ ᠪᠠᠳᠤᠯᠠᠬᠤ ᠬᠡᠷᠡᠭᠲᠡᠢ᠃ ᠡᠷᠬᠡᠪᠰᠢ ᠨᠢᠭᠡᠳᠤᠯᠲᠡᠢ ᠲᠥᠯᠤᠪᠵᠢᠭᠦᠯᠵᠤ ᠵᠤᠬᠢᠴᠠᠭᠤᠯᠤᠨ᠂ ᠡᠯ᠎ᠡ ᠭᠤᠭᠴᠤᠭᠠᠨ ᠤ ᠬᠥᠯᠢᠶᠡᠨ ᠠᠪᠬᠤ ᠪᠠᠳᠤᠯᠠᠭ᠎ᠠ ᠶᠢᠨ ᠠᠵᠢᠯ ᠢ ᠪᠥᠬᠦ ᠬᠥᠴᠤᠨ ᠢᠶᠠᠷ ᠰᠠᠶᠢᠳᠤᠷ ᠬᠢᠵᠤ᠂ ᠲᠥᠯᠤᠭᠡᠯᠡᠭᠴᠢ ᠶᠢᠨ ᠪᠥᠯᠬᠦᠮ ᠤᠨ ᠨᠡᠪᠳᠡᠷᠡᠯᠴᠡᠭᠡ ᠬᠠᠷᠢᠯᠴᠠᠭ᠎ᠠ᠂ ᠤᠷᠤᠯᠳᠤᠭᠠᠨ ᠳᠤ ᠤᠷᠤᠯᠴᠠᠬᠰᠠᠳ ᠢ ᠬᠥᠯᠢᠶᠡᠨ ᠠᠪᠬᠤ ᠤᠢᠢᠯᠡᠴᠢᠯᠡᠭᠡ᠂ ᠡᠯ᠎ᠡ ᠲᠥᠷᠤᠯ ᠤᠨ ᠵᠠᠭᠤᠴᠢᠯᠠᠭᠤᠷ ᠢ ᠵᠤᠯᠭᠠᠭᠤᠯᠬᠤ ᠪᠠ ᠰᠠᠶᠢᠨ ᠳᠤᠷᠠᠴᠤᠳ ᠤᠨ ᠤᠢᠢᠯᠡᠴᠢᠯᠡᠭᠡᠨ ᠤ ᠠᠵᠢᠯ ᠢ ᠰᠠᠶᠢᠳᠤᠷ ᠬᠢᠬᠦ ᠬᠡᠷᠡᠭᠲᠡᠢ᠃ ᠡᠷᠬᠡᠪᠰᠢ ᠬᠠᠷᠢᠭᠤᠴᠠᠯᠭ᠎ᠠ ᠶᠢᠨ ᠳᠠᠷᠤᠯᠳᠠ ᠥᠭᠴᠤ᠂ ᠬᠥᠯᠢᠶᠡᠨ ᠠᠪᠬᠤ ᠪᠠᠳᠤᠯᠠᠭ᠎ᠠ ᠶᠢᠨ ᠡᠯ᠎ᠡ ᠲᠥᠷᠤᠯ ᠤᠨ ᠤᠢᠢᠯᠡᠴᠢᠯᠡᠭᠡ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠨᠢᠭᠡᠳᠤᠯᠲᠡᠢ ᠵᠢᠯᠤᠭᠤᠳᠬᠤ ᠪᠠ ᠨᠢᠭᠡᠳᠤᠯᠲᠡᠢ ᠲᠤᠬᠢᠷᠠᠭᠤᠯᠬᠤ ᠶᠢ ᠡᠷᠡᠰ ᠬᠥᠯᠢᠶᠡᠵᠤ᠂ ᠨᠥᠬᠦᠴᠡᠯ ᠶᠠᠷᠢᠬᠤ ᠥᠭᠡᠢ᠂ ᠬᠥᠴᠢᠷᠳᠡᠯ ᠲᠤᠭᠠᠴᠢᠬᠤ ᠥᠭᠡᠢ᠂ ᠵᠠᠷᠯᠢᠭ ᠢ ᠡᠷᠬᠡᠪᠰᠢ ᠳᠠᠭᠠᠵᠤ᠂ ᠵᠠᠷᠯᠢᠭ ᠢᠶᠠᠷ ᠴᠠᠭᠠᠵᠠᠯᠠᠵᠤ᠂ ᠪᠥᠬᠦ ᠬᠤᠳᠠ ᠪᠠᠷ ᠢᠶᠠᠨ 《ᠨᠢᠭᠡ ᠬᠥᠯᠭᠡ ᠰᠢᠳᠠᠷ᠎ᠠ》᠂ 《ᠨᠢᠭᠡ ᠬᠥᠭ ᠠᠶᠠᠰ》 ᠪᠠᠶᠢᠬᠤ ᠶᠢ ᠪᠠᠳᠤᠯᠠᠵᠤ᠂ ᠡᠭᠦᠷᠭᠡ ᠬᠠᠷᠢᠭᠤᠴᠠᠯᠭ᠎ᠠ ᠶᠢ ᠵᠤᠷᠢᠭᠳᠠᠢ ᠪᠠᠷ ᠡᠭᠦᠷᠭᠡᠯᠡᠵᠤ᠂ ᠲᠤᠰᠢᠶᠠᠯ ᠬᠠᠷᠢᠭᠤᠴᠠᠯᠭ᠎ᠠ ᠪᠠᠨ ᠭᠥᠢᠴᠡᠳᠭᠡᠵᠤ᠂ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠲᠡᠭᠦᠰ ᠠᠮᠵᠢᠯᠳᠠ ᠪᠤᠯᠬᠤ ᠶᠢ ᠪᠠᠳᠤᠯᠠᠬᠤ ᠬᠡᠷᠡᠭᠲᠡᠢ ᠭᠡᠵᠡᠢ᠃

ᠳᠠᠶᠢᠴᠢᠯᠠᠯᠳᠠ ᠶᠢᠨ ᠶᠡᠭᠡ ᠬᠤᠷᠠᠯ ᠳᠡᠭᠡᠷ᠎ᠡ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠨᠠᠷ ᠳᠥᠷᠪᠡᠳᠤᠭᠡᠷ ᠪᠥᠯᠦᠭ 《ᠠᠷᠪᠠᠨ ᠳᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ》 ᠤ ᠲᠤᠭᠳᠠᠭᠰᠠᠨ ᠬᠥᠯᠢᠶᠡᠨ ᠠᠪᠬᠤ ᠪᠠᠭᠤᠳᠠᠯ ᠳᠤ ᠢᠯᠡᠷᠬᠡᠶᠢᠯᠡᠯ ᠤᠯᠭᠤᠵᠤ᠂ ᠶᠠᠭᠰᠢ ᠬᠤᠳᠠ ᠶᠢᠨ ᠵᠠᠰᠠᠭ ᠤᠨ ᠤᠷᠳᠤᠨ᠂ ᠵᠠᠯᠠᠨ ᠠᠶᠢᠯ ᠬᠤᠳᠠ ᠶᠢᠨ ᠵᠠᠰᠠᠭ ᠤᠨ ᠤᠷᠳᠤᠨ᠂ ᠬᠤᠳᠠ ᠶᠢᠨ ᠠᠵᠢᠯᠳᠠᠨ ᠤ ᠶᠠᠪᠤᠳᠠᠯ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ᠂ ᠬᠤᠳᠠ ᠶᠢᠨ ᠬᠥᠯᠢᠶᠡᠨ ᠠᠪᠬᠤ ᠠᠯᠪᠠᠨ ᠭᠡᠷ᠂ ᠬᠥᠯᠤᠨ ᠪᠤᠶᠢᠷ ᠵᠤᠴᠢᠳ ᠤᠨ ᠪᠠᠭᠤᠳᠠᠯ᠂ ᠰᠠᠶᠢᠨ ᠳᠤᠷᠠᠴᠤᠳ ᠤᠨ ᠲᠥᠯᠤᠭᠡᠯᠡᠭᠴᠢ ᠤᠪᠤᠷ ᠢᠶᠠᠨ ᠢᠯᠡᠳᠭᠡᠬᠦ ᠥᠭᠡ ᠶᠠᠷᠢᠪᠠ᠃

ᠢᠷᠡᠯᠳᠡ : 

 ᠬᠦᠯᠤᠨ ᠪᠤᠢ᠌ᠢᠷ ᠮᠤᠩᠭᠤᠯ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ