ᠳᠤᠮᠳᠠᠳᠤ ᠤᠯᠤᠰ ᠤᠨ ᠫᠢᠩᠫᠠᠩ ᠪᠥᠮᠪᠦᠭᠡ ᠶᠢᠨ ᠨᠡᠶᠢᠭᠡᠮᠯᠢᠭ  ᠣᠢᠢᠷ᠎ᠠ ᠳᠤ  ᠴᠧᠩᠳᠦ᠋ ᠳᠤ  ᠶᠢᠰᠦᠳᠦᠭᠡᠷ‌ ᠬᠤᠭᠤᠴᠠᠭᠠᠨ ᠤ ᠬᠡᠷᠡᠭ ᠡᠷᠬᠢᠯᠡᠭᠴᠢᠳ ᠤᠨ  ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂  《ᠳᠤᠮᠳᠠᠳᠤ‌ ᠤᠯᠤᠰ ᠤᠨ ᠫᠢᠩᠫᠠᠩ  ᠪᠥᠮᠪᠦᠭᠡ ᠶᠢᠨ  ᠨᠡᠶᠢᠭᠡᠮᠯᠢᠭ ᠤᠨ  ᠳᠦᠷᠢᠮ ᠤᠨ  ᠡᠮᠬᠢᠳᠭᠡᠯ》᠂  ᠳᠤᠮᠳᠠᠳᠤ  ᠤᠯᠤᠰ ᠤᠨ  ᠫᠢᠩᠫᠠᠩ‌‍ ᠪᠥ᠋ᠮᠪᠦᠭᠡ ᠶᠢᠨ ᠨᠡᠶᠢᠭᠡᠮᠯᠢᠭ ᠤᠨ ᠳᠣᠲᠣᠭᠠᠳᠤ ᠪᠠᠶᠢᠭᠤᠯᠤᠮᠵᠢ ᠵᠢᠴᠢ ᠲᠤᠰᠬᠠᠶ  ᠺᠣᠮᠢᠰ ᠤᠨ  ᠪᠠᠶᠢᠷᠢᠯᠠᠭᠤᠯᠤᠯᠳᠠ ᠶᠢᠨ  ᠲᠥᠰᠦᠯ᠂ ᠳᠤᠮᠳᠠᠳᠤ ᠤᠯᠤᠰ ᠤᠨ ᠫᠢᠩᠫᠠᠩ ᠪᠥᠮᠪᠦᠭᠡ ᠶᠢᠨ  ᠨᠡᠶᠢᠭᠡᠮᠯᠢᠭ ᠤᠨ  ᠳᠡᠳ᠋  ᠨᠠᠷᠢᠨ  ᠪᠢᠴᠢᠭ ᠤᠨ  ᠳᠠᠷᠤᠭ᠎ᠠ  ᠵᠢᠴᠢ  ᠲᠤᠰᠬᠠᠶ‌‍ ᠺᠣᠮᠢᠰ ᠤᠨ ᠡᠷᠬᠢᠯᠡᠭᠴᠢ ᠶᠢᠨ ᠲᠤᠬᠠᠢ ᠰᠠᠨᠠᠭᠤᠯᠭ᠎ᠠ ᠲᠤᠷᠠᠳᠤᠬᠰᠠᠨ ᠨᠡᠷᠡᠰ ᠵᠡᠷᠭᠡ 3  ᠵᠥᠪᠯᠡᠬᠦ  ᠰᠡᠳᠦᠪ ᠢ  ᠬᠢᠨᠠᠨ  ᠶᠠᠷᠢᠯᠴᠠᠵᠤ‌‍ ᠪᠠᠲᠤᠯᠠᠭᠠᠳ᠂ ᠨᠡᠶᠢᠭᠡᠮᠯᠢᠭ ᠢ ᠪᠤᠳᠠᠳᠤ ᠴᠤᠬᠴᠠᠵᠢᠭᠤᠯᠬᠤ ᠥᠭᠡᠷᠡᠴᠢᠯᠡᠯᠲᠡ ᠵᠠᠩᠭᠢᠯᠠᠭ᠎ᠠ ᠶᠢᠨ ᠠᠯᠬᠤᠮ ᠢ ᠠᠯᠬᠤᠵᠠᠢ᠃

ᠲᠣᠰ ᠤᠳᠠᠭᠠᠨ ᠤ ᠬᠤᠷᠠᠯᠳᠤᠭᠠᠨ ᠠᠴᠠ ᠪᠦᠬᠦ ᠠᠷᠠᠳ ᠤᠨ  ᠪᠡᠶ᠎ᠡ  ᠴᠢᠭᠢᠷᠠᠭᠵᠢᠭᠤᠯᠬᠤ ᠺᠣᠮᠢᠰ᠂ ᠲᠠᠮᠢᠷᠴᠢᠳ ‍ᠤᠨ‌‍ ᠺᠣᠮᠢᠰ᠂ ᠲᠠᠰᠬᠠᠯᠵᠢᠭᠤᠯᠤᠬᠴᠢ ᠶᠢᠨ ᠺᠣᠮᠢᠰ᠂ ᠵᠠᠯᠠᠭᠤᠴᠤᠳ ᠪᠠᠭᠠᠴᠤᠳ ᠤᠨ  ᠬᠥᠭᠵᠢᠯᠲᠡ ᠶᠢᠨ  ᠺᠣᠮᠢᠰ᠂ ᠬᠢᠨᠠᠬᠴᠢᠳ ‍ᠤᠨ‌‍ ᠺᠣᠮᠢᠰ᠂ ᠤᠷᠤᠯᠳᠤᠭᠠᠨ ᠤ ᠺᠣᠮᠢᠰ᠂ ᠮᠡᠳᠡᠭᠡ ᠵᠠᠩᠭᠢ ᠰᠢᠨᠵᠢᠯᠡᠬᠦ ᠤᠬᠠᠭᠠᠨ ᠤ ᠰᠤᠳᠤᠯᠭᠠᠨ ᠤ ᠺᠣᠮᠢᠰ᠂ ᠪᠠᠭᠠᠵᠢ ᠬᠡᠷᠡᠭᠯᠡᠭᠦᠷ ‍ᠤᠨ‌‍ ᠺᠣᠮᠢᠰ᠂ ᠰᠣᠨᠢᠨ ᠮᠡᠳᠡᠭᠡᠨ ᠤ ᠺᠣᠮᠢᠰ᠂  ᠣᠯᠠᠨ  ᠤᠯᠤᠰ ᠤᠨ  ᠬᠥᠭᠵᠢᠯᠲᠡ ᠶᠢᠨ  ᠺᠣᠮᠢᠰ  ᠵᠡᠷᠭᠡ  10  ᠲᠤᠰᠬᠠᠶ  ᠺᠣᠮᠢᠰ  ᠢ ᠪᠠᠶᠢᠭᠤᠯᠬᠤ ᠶᠢᠨ ᠬᠠᠮᠳᠤ ᠬᠠᠷᠠᠭᠠᠯᠵᠠᠬᠰᠠᠨ 6 ᠳᠣᠲᠣᠭᠠᠳᠤ ᠪᠠᠶᠢᠭᠤᠯᠤᠮᠵᠢ ᠪᠠᠶᠢᠭᠤᠯᠬᠤ ᠰᠢᠢᠳᠪᠦᠷᠢ ᠶᠢ ᠪᠠᠲᠤᠯᠠᠵᠠᠢ᠂ ᠡᠳᠡᠭᠡᠷ ᠨᠢ‌‍ ᠲ᠋ᠤᠮᠳᠠᠳᠤ ᠤᠯᠤᠰ ᠤᠨ ᠫᠢᠩᠫᠠᠩ ᠪᠥᠮᠪᠦᠭᠡ ᠶᠢᠨ  ᠨᠡᠶᠢᠭᠡᠮᠯᠢᠭ ᠤᠨ ᠢᠷᠡᠬᠦ ᠵᠢᠯ ᠵᠠᠰᠠᠬ ᠵᠠᠬᠢᠷᠭᠠᠨ ᠤ  ᠪᠠᠶᠢᠭᠤᠯᠤᠯᠭ᠎ᠠ ᠡᠴᠠ‌‍ ᠪᠦ᠋ᠷᠢᠮᠦᠰᠦᠨ ᠰᠠᠯᠭᠠᠬᠤ ᠠᠵᠢᠯ ᠢ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠴᠡᠶ᠃ ᠣᠳᠣᠬᠠᠨ ᠳᠤ᠂  ᠳᠤᠮᠳᠠᠳᠤ  ᠤᠯᠤᠰ ‍ᠤᠨ‌‍ᠫᠢᠩᠫᠠᠩ ᠪᠥᠮᠪᠦᠭᠡ ᠶᠢᠨ ᠨᠡᠶᠢᠭᠡᠮᠯᠢᠭ ᠨᠢ ᠶᠠᠬ ᠡᠯ᠎ᠡ ᠵᠦᠢᠯ ᠤᠨ ᠪᠡᠯᠡᠳᠬᠡᠯ ᠠᠵᠢᠯ ᠢᠶᠠᠨ  ᠲᠡᠭᠦᠯᠳᠡᠷᠵᠢᠭᠦᠯᠵᠦ  ᠪᠠᠶᠢᠬᠤ  ᠪᠦᠭᠡᠳ‌ᠦᠷ ᠎ᠠ ᠪᠦᠲᠦᠮᠵᠢ ᠨᠢ ᠨᠢᠬᠡᠨᠲᠡ ᠠᠯᠬᠤᠮ ᠠᠯᠬᠤᠮ ᠢᠶᠠᠷ ᠢᠯᠡᠷᠭᠡᠢ ᠪᠤᠯᠵᠠᠢ᠃

ᠢᠷᠡᠯᠳᠡ : 

ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ